10 ᠰᠠᠷ᠎ᠠ ᠶᠢᠨ10 ᠤ ᠡᠳᠦᠷ ᠪᠦᠬᠦ ᠬᠤᠰᠢᠭᠤᠨ ᠤ ᠰᠠᠯᠠᠭᠠᠨ ᠳᠡᠰ ᠤᠨ ᠺᠠᠳ᠋ᠷ ᠤᠨ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠵᠢᠴᠢ 2024 ᠣᠨ ᠤ ᠨᠠᠮᠤᠷ ᠤᠨ | ᠤᠯᠠᠷᠢᠯ ᠤᠨ ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠠᠯᠮᠠᠰ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠸᠧ ᠮᠢᠨ ᠰᠤᠷᠤᠯᠭ᠎ᠠ | ᠡᠬᠢᠯᠡᠬᠦ ᠶᠣᠰᠣᠯᠠᠯ ᠢ ᠡᠷᠭᠢᠯᠡᠪᠡ᠃ ᠲᠣᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ ᠬᠤᠶᠠᠷ | ᠬᠤᠭᠤᠴᠠᠭ᠎ᠠ ᠬᠤᠪᠢᠶᠠᠨ ᠡᠷᠭᠢᠯᠡᠵᠦ᠂ ᠬᠤᠭᠤᠴᠠᠭ᠎ᠠ ᠪᠦᠷᠢ 3 ᠡᠳᠦᠷ᠂ ᠪᠥᠬᠦ ᠬᠤᠰᠢᠭᠤᠨ ᠤ 426 ᠰᠠᠯᠠᠭᠠᠨ | ᠲᠠᠰ ᠤᠨ ᠤᠳᠤᠷᠢᠳᠬᠤ ᠺᠠᠳ᠋ᠷ ᠢ ᠬᠠᠮᠤᠷᠪᠠ᠃ | 10 ᠰᠠᠷ᠎ᠠ ᠶᠢᠨ 15 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ | ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠭᠤᠯᠪᠠ᠃ ᠬᠤᠷᠠᠯ ᠠᠴᠠ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠵᠢᠴᠢ ᠡᠯ᠎ᠡ ᠲᠣᠭᠤᠷᠢᠨ | ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠲᠣᠭᠤᠷᠢᠨ ᠪᠠᠶᠢᠴᠠᠭᠠᠬᠤ ᠠᠵᠢᠯ ᠤᠨ ᠲᠤᠬᠠᠢ | ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠢᠶᠠᠨ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ | ᠬᠦᠴᠦᠲᠡᠢ ᠪᠦᠲᠦᠮᠵᠢᠲᠡᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ | ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠪᠡ᠃ | 10 ᠰᠠᠷ᠎ᠠ ᠶᠢᠨ 16 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠦ | ᠢᠦᠢ ᠯᠦᠩ ᠨᠠᠷ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠨ ᠮᠠᠯ ᠠᠵᠤ ᠠᠬᠤᠶ ᠶᠢᠨ ᠭᠤᠤᠯᠳᠠᠯᠭ᠎ᠠ ᠲᠠᠢ | ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠵᠧᠦ ᠢᠦᠢ ᠯᠦᠩ ᠴᠢᠬᠤᠯᠠᠴᠢᠯᠠᠬᠤ ᠳᠠᠭᠠᠨ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠯ | ᠪᠡᠯᠴᠢᠭᠡᠷ ᠤᠨ ᠲᠡᠩᠴᠡᠭᠦᠷᠢ᠂ ᠬᠠᠳᠤᠯᠠᠩ ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠥᠷᠭᠡᠨ ᠤᠯᠠᠨ ᠮᠠᠯᠴᠢᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠠᠮᠢ | ᠠᠬᠤᠢ ᠶᠢᠨ ᠳᠠᠩᠰᠠ᠂ ᠠᠵᠤ ᠠᠬᠤᠢ ᠶᠢᠨ ᠳᠠᠩᠰᠠ ᠪᠣᠯᠣᠨ ᠠᠮᠢᠳᠤᠷᠠᠯ ᠤᠨ ᠳᠠᠩᠰᠠ ᠶᠢ ᠰᠠᠶᠢᠲᠤᠷ ᠪᠤᠳᠤᠵᠤ᠂ | ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠰᠢᠭᠯᠠᠵᠤ᠂ ᠪᠦᠬᠦ ᠬᠤᠰᠢᠭᠤᠨ ᠤ ᠮᠠᠯ | ᠪᠡᠯᠴᠢᠭᠡᠷ ᠤᠨ ᠲᠡᠩᠴᠡᠭᠦᠷᠢ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠮᠠᠯ ᠤᠨ | ᠭᠠᠷᠭᠠᠯᠲᠠ ᠶᠢ ᠣᠳᠣᠬᠠᠨ ᠤ ᠮᠠᠯ ᠠᠵᠤ ᠠᠬᠤᠢ ᠶᠢᠨ ᠭᠤᠤᠯᠳᠠᠯᠭ᠎ᠠ ᠲᠠᠢ ᠠᠵᠢᠯ ᠪᠣᠯᠭᠠᠵᠤ᠂ ᠮᠠᠯᠵᠢᠬᠤ ᠡᠷᠦᠬᠡ ᠶᠢ | ᠬᠥᠲᠥᠯᠥᠨ ᠵᠢᠯᠣᠭᠤᠳᠴᠤ ᠪᠠᠶᠢᠭᠠᠳ ᠭᠠᠷᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠦᠮᠡᠨ ᠤ | ᠠᠷᠪᠢᠨ ᠵᠠᠷᠣᠴᠠᠭᠤᠯᠬᠤ᠂ ᠲᠦᠷᠭᠡᠨ ᠵᠠᠷᠣᠴᠠᠭᠤᠯᠬᠤ᠂ ᠡᠷᠲᠡ ᠵᠠᠷᠣᠴᠠᠭᠤᠯᠬᠤ ᠶᠢ ᠵᠣᠷᠢᠭᠵᠢᠭᠤᠯᠵᠤ᠂ ᠮᠠᠯ | ᠲᠡᠵᠢᠭᠡᠪᠦᠷᠢ᠂ ᠡᠪᠦᠯᠵᠢᠬᠦ ᠮᠠᠯ ᠢ ᠵᠦᠶ ᠵᠣᠬᠢᠰᠲᠠᠶ ᠲᠣᠬᠢᠷᠠᠭᠤᠯᠵᠤ᠂ ᠨᠤᠲᠤᠭ ᠪᠡᠯᠴᠢᠭᠡᠷ ᠤᠨ ᠳᠠᠷᠤᠯᠲᠠ ᠶᠢ | ᠬᠥᠩᠭᠡᠷᠡᠭᠦᠯᠬᠦ ᠬᠡᠷᠡᠭᠲᠡᠶ᠃ ᠡᠪᠡᠰᠦ ᠪᠣᠷᠳᠤᠭ᠎ᠠ ᠶᠢᠨ ᠬᠡᠷᠡᠭᠴᠡᠭᠡ ᠶᠢ ᠤᠶᠢᠯᠠᠭᠠᠬᠤ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠮᠠᠯᠵᠢᠬᠤ ᠡᠷᠦᠬᠡ ᠶᠢᠨ ᠡᠪᠡᠰᠦ ᠪᠣᠷᠳᠤᠭ᠎ᠠ ᠨᠥᠭᠡᠴᠡᠯᠡᠬᠦ ᠬᠡᠮᠵᠢᠶ᠎ᠡ ᠶᠢ ᠣᠨᠣᠪᠴᠢᠲᠠᠶ ᠡᠵᠡᠮᠰᠢᠵᠦ᠂ | ᠮᠠᠯᠵᠢᠬᠤ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠡᠪᠦᠯᠵᠢᠬᠦ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ | ᠤᠷᠢᠳᠴᠢᠯᠠᠨ ᠰᠠᠶᠢᠲᠤᠷ ᠬᠢᠯᠭᠡᠵᠦ᠂ ᠮᠠᠯ ᠤᠨ ᠡᠪᠦᠯᠵᠢᠬᠦ ᠳᠤ ᠰᠠᠭᠤᠷᠢ ᠪᠠᠲᠤᠯᠠᠭ᠎ᠠ ᠬᠠᠩᠭᠠᠬᠤ ᠬᠡᠷᠡᠭᠲᠡᠶ᠃ | ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠢᠨᠠᠮᠠᠭᠠᠶ ᠰᠠᠶᠢᠲᠤᠷ | ᠬᠢᠵᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠭᠠᠯ ᠰᠡᠷᠭᠡᠶᠢᠯᠡᠬᠦ ᠡᠳ᠋ ᠪᠣᠳᠠᠰ ᠤᠨ | ᠨᠥᠭᠡᠴᠡ ᠶᠢ ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠠᠷᠠᠳ ᠣᠯᠠᠨ ᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠪᠡ᠃ | 10 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ | ᠬᠤᠰᠢᠭᠤᠨ ᠤ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 12 ᠳ᠋ᠤᠭᠠᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠶ | ᠰᠡᠳᠦᠪᠲᠦ ᠲᠠᠶᠢᠯᠤᠮᠵᠢ ᠬᠢᠪᠠ᠃ ᠬᠤᠷᠠᠯ ᠠᠴᠠ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ | ᠳᠡᠳ᠋ ᠳᠠᠷᠤᠭ᠎ᠠ ᠸᠠᠩ ᡁᠢ ᠭᠦᠸᠧ ᠶᠢ ᠲᠤᠰᠬᠠᠶᠢᠯᠠᠨ ᠤᠷᠢᠵᠤ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠶ | ᠰᠡᠳᠦᠪᠲᠦ ᠲᠠᠶᠢᠯᠤᠮᠵᠢ ᠬᠢᠬᠦ ᠶᠢᠨ ᠬᠠᠮᠲᠤ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠰᠤᠷᠤᠯᠴᠠᠯᠭ᠎ᠠ ᠶᠢ ᠲᠣᠭᠤᠷᠢᠨ ᠰᠣᠨᠣᠰᠴᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ | ᠠᠯᠮᠠᠰ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠪᠣᠯ ᠨᠠᠮ ᠤᠨ | ᠨᠢᠭᠡ ᠵᠦᠢᠯ ᠤᠨ ᠲᠦᠢᠯ ᠤᠨ ᠴᠢᠬᠤᠯᠠ ᠠᠵᠢᠯ ᠪᠣᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠢᠮᠠᠭᠲᠠ ᠲᠠᠷᠢᠬᠢ ᠲᠣᠯᠣᠭᠠᠢ ᠪᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ | ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠪᠡ᠃ | 10 ᠰᠠᠷ᠎ᠠ ᠶᠢᠨ 23 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠦ | ᠢᠦᠢ ᠯᠦᠩ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠤᠯᠤᠰ ᠢᠶᠠᠨ ᠬᠦᠴᠦᠷᠬᠡᠭᠵᠢᠭᠦᠯᠵᠦ ᠦᠨᠳᠦᠰᠦᠲᠡᠨ ᠤ | ᠰᠡᠷᠭᠦᠨ ᠮᠠᠨᠳᠤᠯᠲᠠ ᠶᠢ ᠪᠦᠲᠦᠭᠡᠨ ᠪᠠᠶᠢᠭᠤᠯᠬᠤ ᠳᠤ ᠤᠮᠠᠷᠠᠲᠤ ᠬᠢᠯᠢ ᠶᠢᠨ ᠵᠠᠯᠠᠭᠤ ᠨᠠᠰᠤᠨ ᠤ ᠬᠦᠴᠦᠨ ᠢ | ᠨᠢᠭᠲᠠᠷᠠᠭᠤᠯᠤᠶ᠎ᠠ︾ ᠭᠡᠬᠦ ᠭᠤᠣᠯ ᠰᠡᠳᠦᠪ ᠢᠶᠠᠷ ᠥᠷᠭᠡᠨ ᠤᠯᠠᠨ ᠪᠠᠭᠰᠢ ᠰᠤᠷᠤᠭᠴᠢᠳ ᠲᠤ ᠭᠤᠣᠯ ᠰᠡᠳᠦᠪ | ᠲᠤᠪᠤᠶᠢᠮ᠎ᠠ᠂ ᠠᠭᠤᠯᠭ᠎ᠠ ᠪᠠᠶᠠᠯᠢᠭ᠂ ᠠᠮᠢᠳᠤᠯᠢᠭ ᠰᠠᠶᠢᠬᠠᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ | ᠣᠷᠣᠵᠤ᠂ ᠪᠠᠭᠰᠢ ᠰᠤᠷᠤᠭᠴᠢᠳ ᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠯᠤᠰ ᠬᠡᠳᠤ ᠶᠢᠨ ᠬᠦᠰᠡᠯ | ᠵᠣᠷᠢᠯᠲᠠ ᠶᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠬᠤ ᠡᠷᠡᠰ ᠪᠠᠲᠤ ᠦᠢᠯᠡᠳᠦᠯᠭᠡᠵᠢᠭᠦᠯᠦᠭᠴᠢ ᠪᠠ ᠤᠯᠠᠮᠵᠢᠯᠠᠭᠴᠢ ᠪᠣᠯᠭᠠᠬᠤ ᠪᠠᠷ ᠬᠦᠳᠦᠯᠦᠨ | ᠵᠢᠯᠣᠭᠤᠳᠪᠠ᠃ ᠵᠧᠦ ᠢᠦᠢ ᠯᠦᠩ ᠴᠢᠬᠤᠯᠠᠴᠢᠯᠠᠬᠤ ᠳᠠᠭᠠᠨ᠂ ᠡᠯ᠎ᠡ ᠰᠤᠷᠭᠠᠭᠤᠯᠢ ᠶᠢᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢ ᠵᠠᠰᠠᠬᠤ᠂ | ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ ᠠᠭᠤᠰᠤᠯᠴᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠠᠵᠢᠯ ᠢ ᠲᠠᠰᠤᠷᠠᠯᠳᠠ ᠦᠭᠡᠢ | ᠭᠦᠨᠵᠡᠭᠡᠶᠢᠷᠡᠭᠦᠯᠬᠦ ᠬᠡᠷᠡᠭᠲᠡᠢ᠃ ᠥᠷᠭᠡᠨ ᠤᠯᠠᠨ ᠪᠠᠭᠰᠢ ᠨᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠡᠨᠡ | ᠬᠦ ᠠᠭᠤᠤ ᠶᠡᠭᠡ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ | ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠲᠤᠬᠠᠶᠢᠯᠠᠭᠰᠠᠨ | ᠠᠵᠢᠯ ᠤᠨ ᠮᠡᠳᠡᠯᠭᠡ ᠶᠢᠨ ᠨᠥᠭᠡᠴᠡ ᠪᠠᠨ ᠴᠢᠩᠭᠠᠳᠬᠠᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠯᠠᠭᠤ ᠪᠠᠭ᠎ᠠ ᠰᠤᠷᠤᠭᠴᠢᠳ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠲᠡᠦᠬᠡ ᠰᠣᠶᠣᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ | ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠦᠷᠭᠦᠯᠵᠢ ᠠᠴᠢ ᠬᠠᠷᠢᠭᠤᠯᠠᠬᠤ ᠰᠡᠳᠬᠢᠯᠭᠡ ᠶᠢ ᠡᠪᠦᠷᠯᠡᠵᠦ᠂ | ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠵᠤ᠂ ᠠᠷᠠᠳ ᠲᠦᠮᠡᠨ ᠳᠤ ᠵᠣᠯ ᠵᠢᠷᠭᠠᠯ ᠣᠯᠭᠤᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤᠮᠳᠠ ᠠᠮᠢᠳᠤᠷᠠᠬᠤᠢ ᠶᠢᠨ ᠠᠬᠤᠶ ᠪᠠᠶᠢᠳᠠᠯ ᠢᠶᠠᠨ ᠳᠡᠭᠡᠭᠰᠢᠯᠡᠭᠦᠯᠵᠦ᠂ ᠬᠥᠮᠦᠨ ᠤ ᠠᠮᠢᠳᠤᠷᠠᠯ ᠤᠨ | ᠦᠨ᠎ᠡ ᠦᠷᠳᠡᠭ ᠢ ᠢᠯᠡᠷᠡᠭᠦᠯᠬᠦ ᠬᠡᠷᠡᠭᠲᠡᠢ ᠭᠡᠪᠡ᠃ | 10 ᠰᠠᠷ᠎ᠠ ᠶᠢᠨ 24 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠤ | ᠢᠦᠶ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 71 ᠳ᠋ᠤᠭᠡᠷ ᠤᠳᠠᠭᠠᠨ ᠤ | ︵2024 ᠣᠨ ᠤ 23 ᠳ᠋ᠤᠭᠠᠷ ᠤᠳᠠᠭ᠎ᠠ︶ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ | ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 11 ᠳ᠋ᠦ᠋ᠭᠡᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠥᠷᠨᠢᠭᠦᠯᠦᠭᠰᠡᠨ | ᠪᠠᠶᠢᠳᠠᠯ ᠢ ᠰᠣᠨᠣᠰᠪᠠ᠃ | 10 ᠰᠠᠷ᠎ᠠ ᠶᠢᠨ 25 ᠤ ᠡᠳᠦᠷ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ | ᠶᠢᠰᠦᠳᠦᠭᠡᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠤᠭᠤᠯᠪᠠ᠃ | ᠬᠤᠷᠠᠯ ᠠᠴᠠ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ︽ᠣᠶᠢᠷ᠎ᠠ ᠶᠢᠨ | ᠬᠤᠭᠤᠴᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠶᠢᠳᠠᠯ ᠤᠨ ᠲᠤᠬᠠᠶ ᠵᠠᠷᠯᠠᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠪᠥᠬᠦ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠶᠡᠷᠦᠩᠬᠡᠶ ᠪᠠᠶᠢᠳᠠᠯ᠂ ᠪᠥᠬᠦ ᠬᠤᠰᠢᠭᠤᠨ ᠤ ᠭᠠᠯ ᠤᠨᠲᠠᠷᠠᠭᠠᠬᠤ ᠠᠵᠢᠯ ᠤᠨ | ᠶᠡᠷᠦᠩᠬᠡᠶ ᠪᠠᠶᠢᠳᠠᠯ ᠪᠣᠯᠤᠨ ᠠᠵᠢᠯ ᠲᠥᠷᠥᠯ ᠤᠨ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ | ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ ᠪᠣᠳᠠᠲᠠᠶ ᠠᠵᠢᠯ ᠤᠨ ᠲᠤᠬᠠᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ ᠬᠤᠷᠠᠯ ᠠᠴᠠ᠂ ᠳᠥᠷᠪᠡᠳᠦᠭᠡᠷ ᠤᠯᠠᠷᠢᠯ ᠪᠣᠯ ᠪᠦᠬᠦ ᠵᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠲᠠᠢ ᠴᠠᠭ ᠬᠤᠭᠤᠴᠠᠭ᠎ᠠ ᠪᠣᠯᠤᠨ᠎ᠠ᠂ ᠪᠦᠬᠦ ᠵᠢᠯ ᠤᠨ ᠡᠯ᠎ᠡ | ᠵᠦᠢᠯ ᠤᠨ ᠠᠶᠤᠯᠭᠦᠢ ᠦᠢᠯᠡᠳᠪᠦᠷᠢᠯᠡᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ | ᠪᠣᠯᠤᠨ᠎ᠠ᠃ ᠡᠯ᠎ᠡ ᠰᠤᠮᠤ ᠪᠠᠯᠭᠠᠰᠤ ︵ᠲᠠᠯᠠᠪᠠᠢ︶᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠ | ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠲᠦᠷᠪᠡᠨ ᠦᠭᠡᠢ | ᠬᠤᠶᠠᠷ ᠰᠢᠭᠤᠳ︾ ᠠᠮᠤᠷ ᠲᠦᠪᠰᠢᠨ ᠤ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ | ᠬᠦᠷᠢᠶᠡᠨ ᠤ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ | ᠵᠢᠭᠰᠠᠭᠠᠨ ᠪᠠᠶᠢᠴᠠᠭᠠᠬᠤ ᠵᠢᠴᠢ ᠵᠠᠰᠠᠬᠤ ᠶᠢ ᠰᠠᠶᠢᠲᠤᠷ ᠠᠳᠬᠤᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ | ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ ᠭᠡᠪᠡ᠃ | 10 ᠰᠠᠷ᠎ᠠ ᠶᠢᠨ 28 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠵᠧᠦ | ᠢᠦᠢ ᠯᠦᠩ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠵᠦ ᠠᠵᠢᠯ ᠵᠢᠯᠣᠭᠤᠳᠪᠠ᠃ ᠵᠧᠦ ᠢᠦᠢ ᠯᠦᠩ ᠤᠷᠢᠳ ᠬᠤᠵᠢᠳ ᠥᠯᠵᠡᠶᠢᠲᠦ ᠲᠠᠯ᠎ᠠ ᠨᠤᠲᠤᠭ᠂ ᠲᠠᠯ᠎ᠠ | ᠨᠤᠲᠤᠭ ᠲᠠᠢ ᠶᠠᠩ᠂ ᠮᠧᠩ ᠶᠤᠸᠠᠨ ᠮᠢᠬᠠᠨ ᠤ ᠦᠢᠯᠡᠰ᠂ ᠴᠢᠨ ᠮᠦ ᠢᠳᠡᠭᠡᠨ ᠪᠠ ᠳ᠋ᠦᠩ ᠹᠠᠩ ᠮᠢᠬᠠᠨ ᠤ ᠦᠢᠯᠡᠰ | ᠵᠡᠷᠭᠡ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠭᠦᠨᠵᠡᠭᠡᠶ ᠶᠠᠷᠢᠯᠴᠠᠵᠤ᠂ ᠮᠠᠯ ᠤᠨ ᠭᠠᠷᠭᠠᠯᠲᠠ᠂ ᠵᠠᠬᠢᠶᠠᠯᠠᠭ᠎ᠠ ᠶᠢᠨ ᠬᠤᠳᠠᠯᠳᠤᠨ ᠠᠪᠬᠤ᠂ | ᠠᠯᠠᠵᠤ ᠨᠢᠲᠤᠯᠵᠤ ᠡᠳ᠋ᠰᠢᠭᠦᠯᠬᠦ᠂ ᠦᠵᠦᠭᠦᠷ ᠤᠨ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠲᠤᠬᠠᠶ ᠶᠢᠨ ᠲᠠᠯᠠᠪᠠᠶ ᠳᠤ ᠵᠣᠬᠢᠴᠠᠭᠤᠯᠤᠨ ᠰᠢᠢᠳᠪᠦᠷᠢᠯᠡᠬᠦ ᠶᠢᠨ | ᠬᠠᠮᠲᠤ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ | ᠬᠤᠯᠪᠣᠭᠳᠠᠯ ᠪᠥᠬᠦᠶ ᠰᠠᠨᠠᠭᠤᠯᠭ᠎ᠠ ᠳᠤᠷᠠᠳᠪᠠ᠃ ᠵᠧᠦ ᠢᠦᠢ ᠯᠦᠩ ᠴᠢᠬᠤᠯᠠᠴᠢᠯᠠᠬᠤ ᠳᠠᠭᠠᠨ᠂ ᠮᠠᠯ ᠤᠨ ᠠᠰᠢᠭ | ᠰᠢᠮ᠎ᠡ ᠶᠢ ᠲᠥᠷᠥᠯ ᠲᠡᠮᠳᠡᠭᠵᠢᠭᠦᠯᠦᠨ ᠬᠥᠭᠵᠢᠭᠦᠯᠬᠦ ᠪᠠ ᠨᠠᠷᠢᠯᠢᠭ ᠡᠳ᠋ᠰᠢᠭᠦᠯᠬᠦ ᠳᠡᠭᠡᠷ᠎ᠡ ᠬᠦᠴᠦ ᠲᠠᠯᠪᠢᠵᠤ᠂ | ᠦᠢᠯᠡᠳᠬᠦᠨ ᠤ ᠶᠠᠰᠤ ᠴᠢᠨᠠᠷ ᠢ ᠴᠢᠬᠤᠯᠠᠴᠢᠯᠠᠨ᠂ ᠬᠤᠨᠢᠨ ᠤ ᠢᠷᠡᠯᠲᠡ ᠶᠢ ᠴᠢᠩᠭ᠎ᠠ ᠡᠵᠡᠮᠳᠡᠵᠦ᠂ ᠦᠢᠯᠡᠳᠬᠦᠨ ᠤ | ᠨᠡᠮᠡᠯᠲᠡ ᠥᠷᠲᠡᠭ ᠢ ᠨᠡᠮᠡᠭᠳᠡᠭᠦᠯᠦᠨ᠂ ᠦᠵᠦᠮᠦᠴᠢᠨ ᠬᠤᠨᠢᠨ ᠤ ᠲᠥᠷᠥᠯ ᠲᠡᠮᠳᠡᠭ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠮᠠᠯᠴᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ | ᠦᠷᠭᠦᠯᠵᠢᠯᠡᠨ ᠪᠠᠬᠢᠵᠢᠭᠦᠯᠵᠦ᠂ ᠨᠠᠩ ᠣᠯᠠᠨ ᠮᠠᠯᠴᠢᠳ ᠲᠤ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ | ᠪᠠᠶᠢᠭᠤᠯᠤᠯᠲᠠ ᠶᠢᠨ ᠠᠪᠴᠢᠷᠠᠭᠰᠠᠨ ᠠᠰᠢᠭ ᠢ ᠦᠨᠡᠨ ᠬᠦ ᠡᠳ᠋ᠯᠡᠭᠦᠯᠬᠦ ᠬᠡᠷᠡᠭᠲᠡᠶ ᠭᠡᠵᠡᠶ᠃ | 10 ᠰᠠᠷ᠎ᠠ ᠶᠢᠨ 31 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠵᠧᠤ ᠢᠦᠶ ᠯᠦᠩ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ | ᠬᠤᠷᠢᠶᠠᠨ ᠤ 72 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ | ᠬᠤᠰᠢᠭᠤᠨ ᠤ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠪᠠ ︽ᠲᠠᠪᠤᠨ ᠶᠡᠭᠡ ᠡᠭᠦᠷᠭᠡ︾ ᠵᠢᠴᠢ ︽ᠵᠢᠷᠭᠤᠭᠠᠨ | ᠢᠨᠵᠧᠨᠧᠷᠢᠩ︾ ᠤᠨ 2024 ᠣᠨ ᠤ ᠭᠤᠷᠪᠠᠳᠤᠭᠠᠷ ᠤᠳᠠᠭᠠᠨ ᠤ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ᠂ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠦᠷᠪᠡᠨ ᠤᠯᠠᠷᠢᠯ ᠤᠨ ᠡᠨᠡᠬᠦ ᠰᠢᠢᠳᠪᠦᠷᠢᠲᠦ ᠢᠯᠠᠯᠲᠠ ᠶᠢ ᠤᠯᠬᠤ ᠤᠯᠠᠷᠢᠯ᠂ | ᠰᠢᠪᠲᠤᠯᠤᠯᠲᠠ ᠬᠢᠬᠦ ᠤᠯᠠᠷᠢᠯ ᠳᠤ ᠰᠠᠭᠤᠷᠢᠯᠠᠵᠤ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠣᠨ ᠤ ᠬᠠᠷᠠᠯᠲᠠ ᠡᠭᠦᠷᠭᠡ ᠲᠠᠢ | ᠬᠠᠷᠢᠴᠠᠭᠤᠯᠤᠨ ᠠᠵᠢᠯ ᠢᠶᠠᠨ ᠰᠠᠶᠢᠲᠤᠷ ᠠᠳᠬᠤᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ | ᠵᠠᠳᠠᠯᠤᠯᠲᠠ ᠶᠢ ᠴᠢᠩᠭᠠᠳᠬᠠᠵᠤ ᠳᠤᠲᠠᠭᠳᠠᠯ ᠢ ᠪᠠᠶᠢᠴᠠᠭᠠᠨ ᠨᠥᠬᠦᠪᠥᠷᠢᠯᠡᠬᠦ ᠶᠢ ᠰᠠᠶᠢᠲᠤᠷ ᠠᠳᠬᠤᠵᠤ᠂ ᠠᠵᠤ | ᠠᠬᠤᠢ ᠶᠢᠨ ᠲᠣᠭᠲᠠᠭᠤᠨ ᠥᠭᠡᠳᠡᠷᠬᠡᠭ᠂ ᠪᠦᠲᠦᠴᠡ ᠶᠢᠨ ᠲᠠᠰᠤᠷᠠᠯᠳᠠ ᠦᠭᠡᠢ ᠰᠢᠯᠢᠳᠡᠭᠵᠢᠬᠦ ᠶᠢ ᠯᠠᠪᠳᠠᠭᠤᠨ | ᠪᠠᠲᠤᠲᠠᠢ ᠠᠬᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠵᠢᠯ ᠤᠨ | ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ | ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠮᠠᠨ ᠤ | ᠬᠤᠰᠢᠭᠤᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ |