︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾᠎ ᠢ ᠳᠠᠷᠤᠮᠠᠯᠯᠠᠨ ᠲᠠᠷᠬᠠᠭᠠᠬᠤ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/3/13
ᠡᠯ᠎ᠡ ᠰᠤᠮᠤ ᠪᠠᠯᠭᠠᠰᠤ ︵ᠲᠠᠯᠠᠪᠠᠢ︶᠎ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾᠎ ᠢ ᠬᠤᠰᠢᠭᠤ ᠵᠠᠰᠠᠭ ᠤᠨ ᠣᠷᠳᠣᠨ ᠤ ᠵᠦᠪᠰᠢᠶᠡᠷᠡᠯ ᠢᠶᠠᠷ᠂ ᠣᠳᠤ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠤᠱᠯᠠᠭᠤᠯᠤᠨ  ᠨᠠᠶᠢᠳᠠᠪᠦᠷᠢᠵᠢᠭᠤᠯᠬᠤ ᠬᠡᠷᠡᠭᠲᠡᠢ᠃                 2024 ᠣᠨ ᠤ 11 ᠰᠠᠷ᠎ᠠ ᠶᠢᠨ 13᠎ ᠤ ᠡᠳᠦᠷ    ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠲᠦᠷᠢᠮ      ᠨᠢᠭᠡᠳᠦᠭᠡᠷ ᠵᠦᠢᠯ  ᠠᠷᠠᠳ ᠤᠨ ᠵᠠᠰᠠᠭ ᠤᠨ ᠣᠷᠳᠣᠨ ᠪᠣᠯᠤᠨ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠂ ︽︿ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠥᠰᠦᠯ﹀᠎ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃      ᠬᠤᠶᠠᠳᠤᠭᠠᠷ ᠵᠦᠢᠯ  ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠠᠵᠢᠯᠴᠢᠨ ᠤ ᠶᠡᠷᠦᠩᠬᠡᠶ ᠡᠪᠯᠡᠯ ᠤᠨ ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶᠎ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃      ᠭᠤᠷᠪᠠᠳᠤᠭᠠᠷ ᠵᠦᠢᠯ  ᠬᠠᠮᠲᠤᠷᠠᠭᠰᠠᠨ ᠬᠤᠷᠠᠯ ᠤᠨ ᠭᠤᠤᠯ ᠡᠭᠦᠷᠭᠡ ᠪᠣᠯ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠬᠠᠷᠢᠯᠴᠠᠨ ᠨᠡᠪᠲᠡᠷᠡᠯᠴᠡᠵᠦ ᠪᠠᠶᠢᠭ᠎ᠠ ᠪᠠᠶᠢᠳᠠᠯ ᠢ ᠬᠠᠮᠲᠤ ᠪᠠᠷ ᠰᠤᠳᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠦᠭᠵᠢᠯᠲᠡ᠂ ᠠᠵᠢᠯᠴᠢᠨ ᠠᠩᠭᠢ ᠪᠣᠯᠤᠨ ᠠᠵᠢᠯᠴᠢᠨ ᠤ ᠡᠪᠯᠡᠯ ᠤᠨ ᠠᠵᠢᠯ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠨ᠎ᠡ᠃ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄      ︵ᠨᠢᠭᠡ︶ ᠳᠡᠭᠡᠷ᠎ᠡ ᠨᠢᠭᠡ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠨᠠᠶᠢᠳᠠᠪᠤᠷᠢᠵᠢᠭᠤᠯᠤᠭᠠᠳᠤᠶ ᠵᠦᠢᠯᠡᠰ ᠲᠤ ᠲᠣᠳᠣᠷᠬᠠᠶᠢᠯᠠᠯᠲᠠ ᠬᠢᠬᠦ ᠶᠢᠨ ᠬᠠᠮᠲᠤ ᠰᠠᠨᠠᠯ ᠳᠤᠷᠠᠳᠴᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠎ᠠ᠃      ︵ᠬᠤᠶᠠᠷ︶ ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠵᠠᠰᠠᠭ ᠤᠨ ᠣᠷᠳᠣᠨ ᠤ ᠠᠵᠢᠯ ᠤᠨ ᠳᠤᠮᠳᠠᠬᠢ ᠠᠵᠢᠯᠲᠠᠨ ᠠᠵᠢᠯᠴᠢᠨ ᠤ ᠠᠰᠢᠭ ᠲᠤᠰᠠ ᠳᠤ ᠬᠤᠯᠪᠣᠭᠳᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠪᠠᠶᠢᠳᠠᠯ ᠢ ᠮᠡᠳᠡᠭᠳᠡᠨ᠎ᠡ︔ ᠠᠵᠢᠯᠴᠢᠨ ᠤ ᠡᠪᠯᠡᠯ ᠤᠨ ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠠᠵᠢᠯᠲᠠᠨ ᠠᠵᠢᠯᠴᠢᠨ ᠳᠤ ᠦᠢᠯᠡᠴᠢᠯᠡᠬᠦ ᠴᠢᠬᠤᠯᠠ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠮᠡᠳᠡᠭᠳᠡᠨ᠎ᠡ᠃      ︵ᠭᠤᠷᠪᠠ︶ ᠥᠷᠭᠡᠨ ᠣᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ᠂ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠵᠡᠷᠭᠡ ᠲᠠᠯ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠲᠦᠷᠢᠮ ᠤᠨ ᠪᠠᠲᠤᠯᠠᠭ᠎ᠠ ᠶᠢ ᠰᠣᠳᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠡᠷᠦᠩᠬᠡᠶ ᠪᠠᠶᠢᠷᠢᠯᠠᠭᠤᠯᠤᠯᠲᠠ ᠪᠠ ᠪᠣᠳᠠᠲᠠᠶ ᠠᠷᠭ᠎ᠠ ᠬᠡᠮᠵᠢᠶ᠎ᠡ ᠶᠢ ᠰᠣᠳᠤᠯᠤᠨ᠎ᠠ᠃      ︵ᠲᠦᠷᠪᠡ︶ ᠠᠵᠢᠯᠲᠠᠨ ᠠᠵᠢᠯᠴᠢᠨ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠴᠢᠬᠤᠯᠠ ᠠᠰᠠᠭᠤᠳᠠᠯ᠂ ᠠᠵᠢᠯᠲᠠᠨ ᠠᠵᠢᠯᠴᠢᠨ ᠣᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠪᠠᠴᠢᠮ ᠪᠡᠷᠬᠡ ᠠᠰᠠᠭᠤᠳᠠᠯ ᠵᠡᠷᠭᠡ ᠶᠢ ᠰᠤᠳᠤᠯᠤᠨ ᠰᠢᠢᠳᠪᠦᠷᠢᠯᠡᠨ᠎ᠡ︔ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠵᠡᠷᠭᠡ ᠰᠢᠨ᠎ᠡ ᠠᠰᠠᠭᠤᠳᠠᠯ ᠰᠢᠨ᠎ᠡ ᠰᠡᠳᠦᠪ ᠢ ᠰᠤᠳᠤᠯᠤᠨ ᠰᠢᠢᠳᠪᠦᠷᠢᠯᠡᠨ᠎ᠡ᠃      ︵ᠲᠠᠪᠤ︶ ᠠᠵᠢᠯᠴᠢᠨ ᠤ ᠡᠪᠯᠡᠯ ᠤᠨ ᠲᠤᠰ ᠪᠡᠶ᠎ᠡ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢᠨ ᠶᠠᠪᠤᠴᠠ ᠳᠤ ᠬᠤᠰᠢᠭᠤ ᠵᠠᠰᠠᠭ ᠤᠨ ᠣᠷᠳᠣᠨ ᠤ ᠳᠡᠮᠵᠢᠯᠭᠡ ᠬᠡᠷᠡᠭᠰᠡᠬᠦ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ᠎ᠠ᠃      ︵ᠵᠢᠷᠭᠤᠭ᠎ᠠ︶ ᠪᠤᠰᠤᠳ ᠬᠠᠮᠲᠤᠷᠠᠭᠰᠠᠨ ᠬᠤᠷᠠᠯ ᠤᠨ ᠰᠤᠳᠤᠯᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ᠃      ᠳᠥᠷᠪᠡᠳᠦᠭᠡᠷ ᠵᠦᠢᠯ   ᠬᠠᠮᠲᠤᠷᠠᠭᠰᠠᠨ ᠬᠤᠷᠠᠯ ᠢ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠦᠨ ᠬᠠᠮᠲᠤ ᠪᠠᠷ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ᠃ ᠠᠵᠢᠯᠴᠢᠨ ᠤ ᠡᠪᠯᠡᠯ ᠤᠨ ᠠᠵᠢᠯ ᠢ ᠬᠠᠷᠢᠭᠤᠴᠠᠵᠤ ᠪᠠᠶᠢᠭ᠎ᠠ ᠬᠤᠰᠢᠭᠤ ᠳᠡᠳ᠋ ᠳᠠᠷᠤᠭ᠎ᠠ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠶᠡᠷᠦᠩᠬᠡᠶ ᠬᠤᠷᠠᠯᠳᠤᠭᠤᠯᠤᠭᠴᠢ ᠶᠢᠨ ᠲᠤᠰᠢᠶᠠᠯ ᠢ ᠡᠭᠦᠷᠭᠡᠯᠡᠵᠦ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠠᠵᠢᠯᠴᠢᠨ ᠤ ᠡᠪᠯᠡᠯ ᠤᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠠᠵᠢᠯ ᠢ ᠬᠠᠷᠢᠭᠤᠴᠠᠵᠤ ᠪᠠᠶᠢᠭ᠎ᠠ ᠳᠡᠳ᠋ ᠲᠡᠷᠢᠭᠦᠯᠡᠭᠴᠢ ᠬᠤᠷᠠᠯ ᠳᠤ ᠤᠷᠤᠯᠴᠠᠨ᠎ᠠ᠃ ᠣᠨᠴᠠᠭᠠᠶ ᠴᠢᠬᠤᠯᠠ ᠶᠡᠭᠡ ᠠᠰᠠᠭᠤᠳᠠᠯ ᠲᠤᠯᠭᠠᠷᠠᠪᠠᠯ᠂ ᠬᠡᠷᠡᠭᠴᠡᠭᠡ ᠪᠠᠨ ᠦᠨᠳᠦᠰᠦᠯᠡᠨ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ ᠢ ᠤᠷᠢᠵᠤ ᠬᠤᠷᠠᠯ ᠳᠤ ᠣᠷᠣᠯᠴᠠᠭᠤᠯᠬᠤ ᠪᠥᠭᠡᠳ ᠬᠤᠷᠠᠯ ᠢ ᠡᠷᠭᠢᠯᠡᠭᠦᠯᠵᠦ ᠪᠣᠯᠤᠨ᠎ᠠ᠃ ᠬᠠᠮᠲᠤᠷᠠᠭᠰᠠᠨ ᠬᠤᠷᠠᠯ ᠢ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ ᠬᠡᠷᠪᠡ ᠣᠨᠴᠠᠭᠠᠶ ᠪᠠᠶᠢᠳᠠᠯ ᠪᠤᠶᠤ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠵᠥᠪᠳᠡᠯᠴᠡᠨ ᠶᠠᠷᠢᠯᠴᠠᠭᠰᠠᠨ ᠤ ᠳᠠᠷᠠᠭ᠎ᠠ ᠬᠡᠵᠢᠶ᠎ᠡ ᠴᠦ ᠬᠤᠷᠠᠯᠳᠤᠭᠤᠯᠵᠤ ᠪᠣᠯᠤᠨ᠎ᠠ᠃      ᠲᠠᠪᠤᠳᠤᠭᠠᠷ ᠵᠦᠢᠯ  ᠬᠠᠮᠲᠤᠷᠠᠭᠰᠠᠨ ᠬᠤᠷᠠᠯ ᠳᠤ ᠣᠷᠣᠯᠴᠠᠭᠰᠠᠨ ᠪᠠ ᠰᠤᠯᠠ ᠣᠷᠣᠯᠴᠠᠭᠰᠠᠳ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠠᠯ᠎ᠠ ᠳᠤ ᠶᠡᠷᠦ ᠳᠤ ᠪᠠᠨ ᠠᠵᠢᠯᠴᠢᠨ ᠤ ᠡᠪᠯᠡᠯ ᠤᠨ ᠠᠵᠢᠯ ᠤᠨ ᠬᠤᠰᠢᠭᠤ ᠳᠡᠳ᠋ ᠳᠠᠷᠤᠭ᠎ᠠ᠂ ᠵᠥᠪᠯᠡᠬᠦ ᠰᠡᠳᠦᠪ ᠤᠨ ᠠᠭᠤᠯᠭ᠎ᠠ ᠳᠤ ᠬᠤᠯᠪᠣᠭᠳᠠᠬᠤ ᠪᠤᠰᠤᠳ ᠬᠤᠰᠢᠭᠤ ᠳᠡᠳ᠋ ᠳᠠᠷᠤᠭ᠎ᠠ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠳᠡᠳ᠋ ᠡᠷᠬᠢᠯᠡᠭᠴᠢ᠂ ᠵᠡᠭᠦᠨ ᠦᠵᠦᠮᠦᠴᠢᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ︔ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠲᠠᠯ᠎ᠠ ᠪᠠᠷ ᠶᠡᠷᠦ ᠳᠤ ᠪᠠᠨ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠠᠮᠢᠶ᠎ᠠ ᠪᠥᠬᠦᠶ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠭᠲᠠᠨ᠎ᠠ᠃      ᠬᠠᠮᠲᠤᠷᠠᠭᠰᠠᠨ ᠬᠤᠷᠠᠯ ᠨᠢ ᠦᠨᠳᠦᠰᠦᠨ ᠱᠠᠲᠤᠨ ᠤ ᠨᠠᠮ ᠵᠠᠰᠠᠭ ᠤᠨ ᠺᠠᠳ᠋ᠷ᠂ ᠠᠵᠢᠯᠲᠠᠨ ᠠᠵᠢᠯᠴᠢᠨ ᠤ ᠲᠥᠯᠥᠭᠡᠯᠡᠭᠴᠢ᠂ ᠬᠥᠳᠡᠯᠮᠦᠷᠢ ᠶᠢᠨ ᠵᠢᠱᠢᠶᠡᠴᠢ ᠲᠡᠷᠢᠭᠦᠨ ᠤ ᠠᠵᠢᠯᠳᠠᠨ ᠲᠥᠯᠥᠭᠡᠯᠡᠭᠴᠢ ᠪᠣᠯᠤᠨ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯᠳᠠᠨ ᠨᠠᠷ ᠢ ᠤᠷᠢᠵᠤ ᠣᠷᠣᠯᠴᠠᠭᠤᠯᠵᠤ ᠪᠣᠯᠤᠨ᠎ᠠ᠃      ᠵᠢᠷᠭᠤᠳᠤᠭᠠᠷ ᠵᠦᠢᠯ  ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠵᠥᠪᠳᠡᠯᠴᠡᠨ ᠲᠣᠭᠲᠠᠭᠠᠨ᠎ᠠ᠃ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ ᠵᠥᠪᠯᠡᠬᠦ ᠰᠡᠳᠦᠪ ᠢ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠠᠴᠠ ᠳᠤᠷᠠᠳᠤᠭᠰᠠᠨ ᠤ ᠳᠠᠷᠠᠭ᠎ᠠ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠤᠨ᠎ᠠ︔ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠳᠤᠷᠠᠳᠤᠭᠰᠠᠨ ᠵᠥᠪᠯᠡᠬᠦ ᠰᠡᠳᠦᠪ ᠢ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠯᠪᠠᠨ ᠭᠡᠷ ᠠᠴᠠ ᠬᠠᠷᠢᠭᠤᠴᠠᠨ ᠴᠤᠭᠯᠠᠭᠤᠯᠤᠨ᠎ᠠ᠃ ᠶᠡᠷᠦ ᠳᠤ ᠪᠠᠨ ᠬᠠᠮᠲᠤᠷᠠᠭᠰᠠᠨ ᠬᠤᠷᠠᠯ ᠬᠤᠷᠠᠯᠳᠤᠬᠤ ᠠᠴᠠ ᠡᠮᠦᠨᠡᠬᠢ 2 ᠰᠠᠷ᠎ᠠ ᠳᠤ ᠵᠥᠪᠯᠡᠬᠦ ᠰᠡᠳᠦᠪ ᠢ ᠴᠤᠭᠯᠠᠭᠤᠯᠬᠤ ᠠᠵᠢᠯ ᠢ ᠡᠬᠢᠯᠡᠭᠦᠯᠳᠡᠭ᠃ ᠬᠤᠶᠠᠷ ᠲᠠᠯ᠎ᠠ ᠪᠠᠷ ᠢᠶᠠᠨ ᠬᠠᠮᠲᠤᠷᠠᠨ ᠳᠤᠷᠠᠳᠤᠭᠰᠠᠨ ᠵᠥᠪᠳᠡᠬᠦ ᠰᠡᠳᠦᠪ ᠨᠢ ᠭᠤᠣᠯ ᠠᠵᠢᠯ ᠢ ᠡᠭᠦᠷᠭᠡᠯᠡᠵᠦ ᠪᠠᠶᠢᠭ᠎ᠠ ᠨᠢᠭᠡ ᠡᠲᠡᠭᠡᠳ ᠨᠢ ᠳᠤᠷᠠᠳᠤᠨ ᠭᠠᠷᠭᠠᠬᠤ ᠶᠠᠪᠤᠴᠠ ᠶᠢ ᠭᠦᠢᠴᠡᠳᠭᠡᠬᠦ ᠬᠡᠷᠡᠭᠲᠡᠢ᠃      ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠳᠡᠯᠭᠡᠷ ᠨᠤᠲᠠᠯᠠᠯᠲᠠ ᠬᠢᠵᠦ᠂ ᠨᠠᠷᠢᠨ ᠨᠢᠮᠪᠠᠶ ᠰᠢᠯᠢᠨ ᠰᠣᠩᠭᠤᠭᠰᠠᠨ ᠰᠠᠭᠤᠷᠢᠨ ᠳᠡᠭᠡᠷ᠎ᠡ ᠳᠤᠷᠠᠳᠬᠤ ᠬᠡᠷᠡᠭᠲᠡᠶ᠃ ᠬᠤᠷᠠᠯ ᠠᠴᠠ ᠡᠮᠦᠨᠡᠬᠢ ᠵᠣᠬᠢᠴᠠᠭᠤᠯᠭ᠎ᠠ ᠪᠠᠨ ᠴᠢᠩᠭᠠᠳᠬᠠᠵᠤ᠂ ᠵᠥᠪᠯᠡᠬᠦ ᠵᠦᠢᠯ ᠤᠨ ᠰᠠᠨᠠᠯ ᠬᠤᠷᠢᠶᠠᠬᠤ ᠵᠡᠷᠭᠡ ᠤᠷᠢᠳᠠᠴᠢ ᠠᠵᠢᠯ ᠢ ᠰᠠᠶᠢᠲᠤᠷ ᠬᠢᠵᠦ᠂ ᠬᠤᠷᠠᠯ ᠤᠨ ᠬᠠᠮᠤᠭ ᠡᠴᠦᠰ ᠲᠤ ᠰᠠᠨᠠᠯ ᠨᠢᠭᠡᠳᠬᠦ᠂ ᠰᠢᠢᠳᠪᠦᠷᠢ ᠶᠢ ᠪᠦᠷᠢᠯᠳᠦᠭᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃      ᠳᠣᠯᠣᠳᠤᠭᠠᠷ ᠵᠦᠢᠯ   ᠬᠠᠮᠲᠤᠷᠠᠭᠰᠠᠨ ᠬᠤᠷᠠᠯ ᠤᠨ ᠬᠤᠷᠠᠯ ᠤᠨ ᠶᠠᠪᠤᠳᠠᠯ ᠤᠨ ᠪᠡᠯᠡᠳᠬᠡᠯ ᠠᠵᠢᠯ ᠢ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠲᠠᠢ ᠬᠠᠮᠲᠤ ᠪᠠᠷ ᠡᠭᠦᠷᠭᠡᠯᠡᠵᠦ᠂ ᠪᠣᠳᠠᠲᠠᠶ ᠪᠡᠯᠡᠳᠬᠡᠯ ᠠᠵᠢᠯ ᠢ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠯᠪᠠᠨ ᠬᠡᠷ ᠠᠴᠠ ᠬᠠᠷᠢᠭᠤᠴᠠᠨ᠎ᠠ᠃ ᠬᠤᠷᠠᠯ ᠤᠨ ᠮᠡᠳᠡᠭᠳᠡᠯ ᠢ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠳᠠᠷᠤᠮᠠᠯᠯᠠᠨ ᠲᠠᠷᠬᠠᠭᠠᠬᠤ ᠶᠢᠨ ᠬᠠᠮᠲᠤ ᠵᠠᠰᠠᠭ ᠤᠨ ᠣᠷᠳᠣᠨ ᠤ ᠲᠠᠯ᠎ᠠ ᠶᠢᠨ ᠬᠤᠷᠠᠯ ᠳᠤ ᠣᠷᠣᠯᠴᠠᠬᠤ ᠬᠥᠮᠦᠰ ᠢ ᠵᠣᠬᠢᠴᠠᠭᠤᠯᠤᠨ᠎ᠠ᠃      ᠨᠠᠢᠮᠠᠳᠤᠭᠠᠷ ᠵᠦᠢᠯ  ᠬᠠᠮᠲᠤᠷᠠᠭᠰᠠᠨ ᠬᠤᠷᠠᠯ ᠢ ᠵᠠᠷᠴᠢᠮ ᠳᠡᠭᠡᠷ᠎ᠡ ᠪᠠᠨ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠡᠷᠭᠢᠯᠡᠨ᠎ᠠ᠃      ᠵᠥᠪᠯᠡᠬᠦ ᠵᠦᠢᠯ ᠳᠤ ᠡᠩ ᠤᠨ ᠪᠠᠶᠢᠳᠠᠯ ᠳᠤ ᠳᠡᠭᠡᠷ᠎ᠡ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠬᠦ᠂ ᠲᠣᠰ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠭᠠᠷᠭᠠᠭᠰᠠᠨ ᠪᠠᠶᠢᠳᠠᠯ ᠵᠢᠴᠢ ᠭᠤᠤᠯ ᠠᠭᠤᠯᠭ᠎ᠠ ᠶᠢ ᠵᠠᠷᠯᠠᠨ ᠮᠡᠳᠡᠭᠳᠡᠬᠦ᠂ ᠰᠤᠳᠤᠯᠤᠨ ᠶᠠᠷᠢᠯᠴᠠᠬᠤ ᠶᠢᠨ ᠬᠠᠮᠲᠤ ᠲᠣᠰ ᠤᠳᠠᠭᠠᠨ ᠤ ᠬᠠᠮᠲᠤᠷᠠᠭᠰᠠᠨ ᠬᠤᠷᠠᠯ ᠤᠨ ᠬᠠᠮᠢᠶ᠎ᠠ ᠪᠥᠬᠦᠶ ᠵᠦᠢᠯᠡᠰ ᠢ ᠵᠥᠪᠳᠡᠯᠴᠡᠨ ᠲᠣᠭᠲᠠᠭᠠᠵᠤ᠂ ᠲᠣᠰ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠲᠤᠬᠠᠶ ᠪᠠᠶᠢᠷᠢᠯᠠᠭᠤᠯᠤᠯᠲᠠ ᠬᠢᠨ᠎ᠠ᠃      ᠶᠢᠰᠦᠳᠦᠭᠡᠷ ᠵᠦᠢᠯ   ᠬᠠᠮᠲᠤᠷᠠᠭᠰᠠᠨ ᠬᠤᠷᠠᠯ ᠠᠴᠠ ᠵᠥᠪᠯᠡᠨ ᠲᠣᠭᠲᠠᠭᠠᠭᠰᠠᠨ ᠤᠴᠢᠷ ᠶᠠᠪᠤᠳᠠᠯ ᠳᠤ ᠬᠤᠷᠠᠯ ᠤᠨ ᠲᠣᠪᠴᠢ ᠲᠡᠮᠳᠡᠭᠯᠡᠯ ᠢ ᠪᠣᠶ ᠪᠣᠯᠭᠠᠵᠤ᠂ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠯᠪᠠᠨ ᠬᠡᠷ ᠠᠴᠠ ᠬᠠᠷᠢᠭᠤᠴᠠᠨ ᠲᠤᠭᠤᠷᠪᠢᠵᠤ᠂ ᠲᠠᠰ ᠳᠠᠷᠠᠭᠠᠯᠠᠯ ᠤᠨ ᠶᠣᠰᠣᠭᠠᠷ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠪᠣᠯᠤᠨ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠬᠠᠮᠲᠤᠷᠠᠭᠰᠠᠨ ᠬᠤᠷᠠᠯ ᠤᠨ ᠲᠣᠪᠴᠢ ᠲᠡᠮᠳᠡᠭᠯᠡᠯ ᠤᠨ ᠬᠡᠯᠪᠡᠷᠢ ᠪᠠᠷ ᠳᠠᠷᠤᠮᠠᠯᠯᠠᠨ ᠲᠠᠷᠬᠠᠭᠠᠨ᠎ᠠ᠃      ᠠᠷᠪᠠᠳᠤᠭᠠᠷ ᠵᠦᠢᠯ   ᠬᠠᠮᠲᠤᠷᠠᠭᠰᠠᠨ ᠬᠤᠷᠠᠯ ᠤᠨ ᠤᠬᠠᠭᠤᠯᠤᠨ ᠮᠡᠳᠡᠭᠡᠯᠡᠬᠦ ᠶᠢ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠣᠯᠤᠨ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠬᠠᠮᠲᠤᠪᠠᠷ ᠬᠠᠷᠢᠭᠤᠴᠠᠵᠤ᠂ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃      ᠠᠷᠪᠠᠨ ᠨᠢᠭᠡᠳᠦᠭᠡᠷ ᠵᠦᠢᠯ   ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠨᠠᠷᠢᠨ ᠲᠠᠩᠰᠠ ᠶᠢ ᠪᠠᠶᠢᠭᠤᠯᠵᠤ᠂ ᠬᠠᠷᠢᠭᠤᠴᠠᠯᠭᠠᠲᠤ ᠨᠢᠭᠡᠴᠡ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠵᠡᠭᠦᠨ ᠦᠵᠦᠮᠦᠴᠢᠨ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠢᠨ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃      ᠠᠷᠪᠠᠨ ᠬᠤᠶᠠᠳᠤᠭᠠᠷ ᠵᠦᠢᠯ   ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号