ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/13
      2 ᠰᠠᠷ᠎ᠠ ᠶᠢᠨ 28 ᠤ ᠡᠳᠦᠷ᠂ ᠮᠠᠨ ᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃        ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ          ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ  ᠤᠨ ᠳᠡᠳ᠋ ᠳᠠᠷᠤᠭ᠎ᠠ ᠵᠧᠦ ᠸᠧ ᠮᠢᠨ ᠲᠤᠰᠢᠶᠠᠯ ᠳᠤ ᠲᠣᠮᠢᠯᠠᠬᠤ ᠪᠠ ᠡᠭᠦᠷᠭᠡ ᠶᠢᠨ ᠬᠤᠪᠢᠶᠠᠷᠢᠯᠠᠯᠲᠠ ᠶᠢᠨ ᠲᠣᠭᠲᠠᠭᠠᠯ ᠢ ᠨᠡᠶᠢᠲᠡᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠶᠢᠨ ᠯᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂《 ᠵᠠᠩᠭᠢᠯᠠᠭ᠎ᠠ ᠶᠢᠨ ᠴᠥᠭᠡᠨ ᠲᠣᠭᠠᠲᠠᠨ 》 ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠲᠠᠢ ᠪᠠᠶᠢᠵᠤ᠂ ᠡᠩᠨᠡᠭᠡᠨ ᠤ ᠪᠠᠶᠢᠭᠤᠯᠤᠯᠲᠠ  ᠪᠠᠨ ᠴᠢᠩᠭᠠᠳᠬᠠᠨ᠂ ᠬᠢᠨᠠᠯᠲᠠ ᠲᠠᠯᠪᠢᠬᠤ ᠬᠠᠮᠳᠤᠷᠠᠭᠰᠠᠨ ᠬᠦᠴᠦᠨ ᠢ ᠨᠢᠭᠲᠠᠷᠠᠭᠤᠯᠵᠤ᠂ ᠬᠠᠮᠵᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠢ ᠨᠡᠩ ᠣᠨᠣᠴᠠᠲᠠᠢ ᠪᠥᠭᠡᠳ ᠬᠦᠴᠦᠲᠡᠢ ᠠᠬᠢᠭᠤᠯᠵᠤ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠲᠡᠭᠦᠰ ᠠᠮᠵᠢᠯᠲᠠ  ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠠᠢ᠃      ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠬᠤ ᠲᠤᠰᠬᠠᠶ ᠲᠤᠰᠢᠶᠠᠯᠲᠠᠨ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠪᠣᠯᠣᠨ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ  ᠤᠨ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠡ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号