ᠤᠷᠠᠨ ᠭᠤᠸ᠎ᠠ ᠪᠦᠰᠡᠭᠦᠶᠢᠴᠦᠳ ᠪᠠᠶᠠᠷ ᠤᠨ ᠡᠳᠦᠷ ᠢᠶᠠᠨ ᠪᠡᠯᠭᠡᠯᠡᠯ᠎ᠡ
ᠨᠡᠶᠢᠲᠡᠯᠡᠭᠰᠡᠨ ᠴᠠᠭ᠄
2025/3/13
      ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠳᠠᠰᠢᠷᠠᠮ ᠢᠶᠠᠷ᠂ 3 ᠰᠠᠷ᠎ᠠ ᠶᠢᠨ 3 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ︽ᠤᠷᠠᠨ ᠭᠤᠸ᠎ᠠ︾ ᠤᠶᠤᠳᠠᠯ ᠤᠨ ᠭᠠᠵᠠᠷ ᠤᠨ ︽3.8︾  ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ  ᠪᠡᠯᠭᠡᠯᠡᠬᠦ ᠬᠦᠳᠡᠯᠭᠡᠭᠡᠨ ᠬᠦᠷ  ᠬᠦᠭᠵᠢᠶᠡᠨ ᠲᠠᠢ  ᠶᠠᠪᠤᠭᠳᠠᠯ᠎ᠠ᠃      ᠪᠤᠳᠠᠰ ᠤᠨ ᠪᠤᠰᠤ ᠰᠤᠶᠤᠯ ᠤᠨ ᠦᠪ ᠤᠨ ᠠᠶᠢᠮᠠᠭ ᠤᠨ ᠳᠡᠰ ᠤᠨ ︽ᠦᠵᠦᠮᠦᠴᠢᠨ ᠬᠠᠳᠬᠤᠮᠠᠯ ︾ ᠤᠨ ᠦᠪᠯᠡᠨ ᠤᠯᠠᠮᠵᠢᠯᠠᠭᠴᠢ ᠤᠷᠠᠩᠭᠤᠸ᠎ᠠ 2005 ᠣᠨ ᠳᠤ ᠬᠤᠰᠢᠭᠤ ᠲᠦᠪ ᠲᠤ ︽ᠤᠷᠠᠨ ᠭᠤᠸ᠎ᠠ︾ ᠤᠶᠤᠳᠠᠯ ᠤᠨ ᠭᠠᠵᠠᠷ ᠢᠶᠠᠨ ᠨᠡᠭᠡᠭᠡᠵᠦ ᠠᠵᠢᠯᠯᠠᠭᠤᠯᠤᠨ᠂ ᠣᠳᠣ ᠪᠣᠯᠬᠤ ᠳᠤ ᠤᠶᠤᠳᠠᠯ ᠤᠨ ᠭᠠᠵᠠᠷ ᠨᠢ ᠬᠤᠷᠢᠨ ᠵᠢᠯ ᠤᠨ ᠨᠢᠭᠤᠷ ᠦᠵᠡᠵᠦ᠂ ᠵᠢᠷᠠᠭᠠᠳ ᠤᠶᠤᠳᠠᠯᠴᠢᠨ ᠲᠠᠢ ᠬᠠᠮᠲᠤᠷᠠᠨ ᠠᠵᠢᠯᠯᠠᠵᠤ᠂ ᠤᠷᠤᠨ ᠤ ᠭᠠᠳᠠᠨ᠎ᠠ ᠳᠤᠲᠤᠨ᠎ᠠ ᠬᠤᠪᠴᠠᠰᠤ ᠵᠠᠰᠠᠯ ᠤᠨ ᠦᠵᠡᠭᠦᠯᠭᠡ᠂ ᠤᠷᠠᠨ ᠤᠶᠤᠳᠠᠯ ᠤᠨ ᠤᠷᠤᠯᠳᠤᠭᠠᠨ ᠲᠡᠮᠡᠴᠡᠭᠡᠨ ᠳᠤ ᠢᠳᠡᠪᠬᠢᠲᠠᠢ ᠤᠷᠤᠯᠴᠠᠨ ᠢᠷᠠᠭᠤ ᠠᠯᠳᠠᠷ ᠢᠶᠠᠨ ᠡᠩᠭᠡᠷ ᠢᠶᠠᠨ ᠮᠢᠯᠢᠶᠠᠯᠭᠠᠨ᠂ ᠦᠵᠦᠮᠦᠴᠢᠨ ᠤᠶᠤᠳᠠᠯ ᠤᠨ ᠭᠤᠶᠤᠮᠰᠤᠭ᠂ ᠨᠡᠷ᠎ᠡ ᠠᠯᠳᠠᠷᠰᠢᠯ ᠢ ᠦᠪᠯᠡᠨ ᠵᠠᠯᠭᠠᠮᠵᠢᠯᠠᠵᠤ᠂ ᠦᠪ ᠰᠤᠶᠤᠯ ᠢᠶᠠᠨ ᠪᠠᠳᠠᠷᠠᠭᠤᠯᠤᠨ ᠬᠦᠭᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠵᠦ ᠶᠠᠪᠤᠵᠠᠢ᠃      ᠲᠤᠰ ᠤᠳᠠᠭᠠᠨ ᠤ ᠡᠮᠡᠭᠲᠡᠶᠢᠴᠦᠳ ᠤᠨ ᠪᠠᠶᠠᠷ ᠢ ᠪᠡᠯᠡᠭᠯᠡᠬᠦ ᠬᠦᠳᠡᠯᠭᠡᠭᠡᠨ ᠳᠤ ᠂ ᠤᠶᠤᠳᠠᠯ ᠤᠨ ᠭᠠᠵᠠᠷ ᠤᠨ ᠬᠤᠷᠢᠨ ᠵᠢᠯ  ᠤᠨ ᠬᠦᠭᠵᠢᠯ ᠪᠠᠳᠠᠷᠠᠯ ᠳᠤ ᠭᠠᠷ ᠤᠨ ᠤᠷ᠎ᠠ᠂ ᠤᠶᠤᠨ ᠤᠬᠠᠭᠠᠨ ᠢᠶᠠᠨ ᠰᠢᠩᠭᠡᠭᠰᠡᠨ ᠠᠬᠠᠮᠠᠳ ᠤᠶᠤᠳᠠᠯᠴᠢᠨ᠂ ᠵᠠᠯᠠᠭᠤ ᠰᠢᠯᠢᠳᠡᠭ ᠤᠶᠤᠳᠠᠯᠴᠢᠨ ᠢ ᠤᠷᠠᠮᠰᠢᠭᠤᠯᠤᠨ ᠱᠠᠩᠨᠠᠵᠤ᠂ ᠠᠬᠤᠢ ᠲᠠᠯᠠᠪᠠᠢ ᠶᠢᠨ ᠬᠠᠳᠬᠤᠮᠠᠯ ᠤᠨ ᠤᠷᠤᠯᠳᠤᠭᠠᠨ᠂ ᠰᠡᠶ᠋ᠢᠩ ᠤᠨ ᠤᠷᠤᠯᠳᠤᠭᠠᠨ᠂ ᠬᠦᠵᠤᠷ ᠤᠨ ᠤᠷᠤᠯᠳᠤᠭᠠᠨ᠂ ᠣᠨᠴᠠᠯᠢᠭᠲᠤ ᠲᠤᠭᠯᠠᠭᠠᠮ ᠵᠡᠷᠭᠡ ᠡᠯᠪᠡᠭ ᠪᠠᠶᠠᠯᠢᠭ ᠠᠭᠤᠯᠭ᠎ᠠ ᠪᠠᠷ ᠶᠠᠪᠤᠭᠳᠠᠵᠤ᠂ ᠤᠶᠤᠳᠠᠯ ᠳᠤ ᠳᠤᠷ᠎ᠠ ᠪᠠᠭ᠋ᠠᠲᠠᠢ ᠪᠦᠰᠡᠭᠦᠶᠢᠴᠦᠳ ᠤᠨ ᠤᠶᠤᠳᠠᠯ ᠤᠨ ᠳᠣᠬᠠᠢ ᠮᠡᠳᠡᠯᠭᠡ ᠮᠡᠷᠭᠡᠵᠢᠯ ᠢᠶᠠᠨ ᠰᠣᠯᠢᠯᠴᠠᠬᠤ ᠨᠠᠨᠳᠢᠨ ᠲᠠᠪᠴᠩ ᠪᠣᠯᠣᠭᠰᠠᠨ ᠢᠶᠠᠷ ᠪᠠᠷᠠᠬᠤ ᠦᠭᠡᠢ᠂ ᠦᠨᠢᠷ ᠪᠦᠯᠢ ᠶᠢᠨ ᠡᠷᠬᠢᠮ ᠭᠤᠸ᠎ᠠ᠂ ᠪᠦᠪᠠᠢ ᠠᠶᠠᠯᠬᠤ ᠤᠶᠠᠨ ᠭᠤᠸ᠎ᠠ᠂ ᠪᠦᠬᠦᠨ ᠢ ᠱᠠᠭᠯᠠᠬᠤ ᠤᠷᠠᠨ ᠭᠤᠸ᠎ᠠ ᠪᠦᠰᠡᠭᠦᠶᠢᠴᠦᠳ ᠤᠨ ᠪᠠᠶᠠᠷ ᠤᠨ ᠡᠳᠦᠷ ᠢᠶᠠᠨ ᠪᠡᠯᠭᠡᠯᠡᠬᠦ ᠤᠴᠢᠷᠲᠠᠢ ᠰᠠᠶᠢᠬᠠᠨ ᠬᠦᠭᠵᠢᠶᠡᠨᠲᠦ ᠮᠦᠴᠡ ᠪᠤᠯᠤᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号