ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ 1956 ᠣᠨ ᠤ 11 ᠰᠠᠷ᠎ᠠ ᠶᠢᠨ | 1 ᠤ ᠡᠳᠦᠷ ᠪᠠᠶᠢᠭᠤᠯᠤᠭᠳᠠᠵᠤ᠂ ᠰᠢᠭᠦᠨ ᠲᠠᠰᠤᠯᠬᠤ ᠲᠢᠩᠬᠢᠮ ᠤᠨ ᠶᠡᠷᠦᠩᠬᠡᠶᠢᠯᠡᠭᠰᠡᠨ ᠠᠰᠠᠷ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ | ᠬᠤᠰᠢᠭᠤᠨ ᠤ ᠤᠯᠢᠶᠠᠰᠤᠲᠠᠢ ᠪᠠᠯᠭᠠᠰᠤᠨ ᠤ ᠪᠤᠯᠠᠭ ᠪᠠᠷᠠᠭᠤᠨ ᠵᠡᠭᠡᠯᠢ ᠶᠢᠨ ᠡᠮᠦᠨ᠎ᠡ ᠲᠠᠯ᠎ᠠ ᠳᠤ ᠪᠠᠶᠢᠷᠢᠰᠢᠵᠤ | ᠪᠠᠶᠢᠨ᠎ᠠ᠃ ᠪᠦᠬᠦ ᠬᠤᠷᠢᠶᠠᠨ ᠳᠤ ᠣᠲᠣ 60 ᠺᠠᠳ᠋ᠷ ᠴᠠᠭᠳᠠᠭ᠎ᠠ ᠪᠣᠶ᠂ ᠡᠭᠦᠨ ᠳᠤ ᠤᠯᠤᠰ ᠲᠥᠷᠥ ᠬᠠᠤᠯᠢ | ᠴᠠᠭᠠᠵᠠ ᠶᠢᠨ ᠣᠷᠣᠨ ᠲᠤᠭ᠎ᠠ ᠲᠠᠢ 42 ᠬᠥᠮᠦᠨ ︵ᠬᠤᠭᠤᠰᠤᠨ ᠣᠷᠣᠨ ᠲᠤᠭ᠎ᠠ 4 ᠬᠥᠮᠦᠨ︶᠂ ᠠᠵᠢᠯ | ᠦᠢᠯᠡᠰ ᠤᠨ ᠣᠷᠣᠨ ᠲᠤᠭ᠎ᠠ 7 ᠬᠥᠮᠦᠨ᠂ ᠡᠳ᠋ ᠤᠨ ᠵᠠᠰᠠᠭ ᠤᠨ ᠣᠷᠤᠨ ᠲᠤᠭ᠎ᠠ ᠲᠠᠢ 3 ᠬᠥᠮᠦᠨ ᠪᠠᠶᠢᠵᠤ᠂ 8 | ᠬᠥᠮᠦᠨ ᠢ ᠤᠷᠢᠨ ᠬᠡᠷᠡᠭᠯᠡᠵᠦ ᠪᠠᠶᠢᠨ᠎ᠠ᠃ ᠰᠢᠭᠦᠭᠴᠢ 27 ᠪᠠᠶᠢᠨ᠎ᠠ᠃ ᠶᠡᠭᠡ ᠰᠤᠷᠭᠠᠭᠤᠯᠢ ᠶᠢᠨ ᠵᠢᠩᠬᠢᠨᠢ | ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠬᠦᠮᠦᠨ43᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠵᠢᠴᠢ | ᠲᠡᠭᠦᠨ ᠠᠴᠠ ᠳᠤᠷᠤᠭᠰᠢᠬᠢ ᠰᠤᠷᠤᠯᠭ᠎ᠠ ᠶᠢᠨ ᠨᠠᠮᠳᠠᠷ ᠲᠠᠢ ᠨᠢ17 ᠬᠦᠮᠦᠨ ᠪᠠᠶᠢᠨ᠎ᠠ᠃ ᠣᠳᠣᠬᠠᠨ ᠳᠤ ᠬᠤᠶᠠᠷ | ᠬᠡᠯᠡᠨ ᠤ ᠬᠡᠷᠡᠭ ᠰᠢᠢᠳᠪᠦᠷᠢᠯᠡᠬᠦ ᠬᠠᠤᠯᠢ ᠶᠢᠨ ᠲᠤᠰᠢᠶᠠᠯᠲᠠᠨ 8 ︵ᠰᠢᠭᠦᠬᠦ ᠬᠤᠷᠢᠶᠠᠨ ᠤ ᠤᠳᠤᠷᠢᠳᠤᠯᠭ᠎ᠠ ᠶᠢ ᠬᠤᠶᠠᠷ | ᠪᠠᠭᠲᠠᠨ᠎ᠠ︶ ᠪᠠᠶᠢᠵᠤ᠂ ᠬᠠᠤᠯᠢ ᠶᠢᠨ ᠲᠤᠰᠢᠶᠠᠯᠲᠠᠨ ᠤ ᠪᠦᠬᠦ ᠲᠣᠭᠠᠨ ᠤ 30.77% ᠢ ᠡᠵᠡᠯᠡᠵᠦ ᠪᠠᠶᠢᠨ᠎ᠠ᠃ | ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠰᠢᠭᠦᠨ ᠲᠠᠰᠤᠯᠬᠤ ᠠᠵᠢᠯ ᠢᠶᠠᠷ ᠭᠤᠣᠯ | ᠪᠣᠯᠭᠠᠬᠤ ᠶᠢ ᠪᠠᠷᠢᠮᠲᠠᠯᠠᠠ᠂ ᠡᠩᠨᠡᠭᠡᠨ ᠤ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠷᠠᠳ ᠲᠦᠮᠡᠨ ᠤ ᠰᠡᠳᠬᠢᠯ | ᠬᠠᠨᠤᠮᠵᠢᠲᠠᠢ ᠪᠠᠶᠢᠬᠤ ᠪᠠᠷ ᠬᠠᠷᠠᠯᠲᠠ ᠪᠣᠯᠭᠠᠠ᠂ ᠬᠠᠤᠯᠢ ᠴᠠᠭᠠᠵᠠ ᠶᠢᠨ ᠴᠢᠳᠠᠪᠤᠷᠢ ᠶᠢ ᠴᠢᠷᠮᠠᠶᠢᠨ ᠨᠡᠮᠡᠭᠳᠡᠭᠦᠯᠵᠦ᠂ | ᠬᠠᠤᠯᠢ ᠴᠠᠭᠠᠵᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠢᠭᠦᠬᠦ ᠬᠤᠷᠢᠶᠠᠨ ᠤ | ᠲᠤᠰᠬᠠᠶᠢᠵᠢᠭᠰᠠᠨ᠂ ᠵᠢᠷᠤᠮᠵᠢᠭᠰᠠᠨ᠂ ᠳᠦᠷᠢᠮᠵᠢᠭᠰᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠤ | ᠠᠰᠢᠭ ᠲᠤᠰᠠ ᠶᠢ ᠬᠠᠤᠯᠢ ᠪᠠᠷᠢᠬᠤ ᠠᠵᠢᠯ ᠤᠨ ᠦᠨᠳᠦᠰᠦᠨ ᠭᠠᠷᠤᠭ᠎ᠠ ᠪᠠ ᠰᠢᠯᠭᠠᠨ ᠪᠠᠶᠢᠴᠠᠭᠠᠬᠤ ᠪᠠᠷᠢᠮᠵᠢᠶ᠎ᠠ | ᠪᠣᠯᠭᠠᠬᠤ ᠶᠢ ᠪᠠᠷᠢᠮᠲᠠᠯᠠᠠ᠂ ᠲᠠᠰᠤᠷᠠᠯᠲᠠ ᠦᠭᠡᠢ ᠵᠠᠮ ᠨᠡᠭᠡᠭᠡᠨ ᠤᠷᠤᠭᠰᠢᠯᠠᠵᠤ᠂ ᠬᠦᠴᠦᠯᠡᠨ ᠴᠢᠷᠮᠠᠶᠢᠵᠤ᠂ | ᠨᠡᠶᠢᠭᠡᠮ ᠤᠨ ᠲᠣᠭᠲᠠᠭᠤᠨ ᠪᠠ ᠠᠵᠤ ᠠᠬᠤᠢ ᠶᠢᠨ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠳᠤ | ᠬᠦᠴᠦᠲᠡᠢ ᠬᠠᠤᠯᠢ ᠪᠠᠷᠢᠬᠤ ᠪᠠᠲᠤᠯᠠᠭ᠎ᠠ ᠬᠠᠩᠭᠠᠪᠠ᠃ |