ᠬᠤᠰᠢᠭᠤ ᠵᠠᠰᠠᠭ ᠤᠨ ᠣᠷᠳᠣᠨ 2025 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/14
      3 ᠰᠠᠷ᠎ᠠ ᠶᠢᠨ 4᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠠᠩ ᠱᠧᠩ 2025 ᠣᠨ ᠤ ᠵᠠᠰᠠᠭ ᠤᠨ ᠣᠷᠳᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂       ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠵᠡᠷᠭᠡ ᠶᠢ ᠤᠯᠠᠮᠵᠢᠯᠠᠨ ᠰᠤᠷᠤᠯᠴᠠᠵᠤ᠂ ᠠᠶᠤᠯᠭᠦᠶ ᠦᠢᠯᠡᠳᠪᠦᠷᠢᠯᠡᠯ᠂ ᠤᠰᠤᠨ ᠲᠤᠤᠷ ᠤᠨ ᠲᠥᠯᠥᠪᠵᠢᠭᠦᠯᠭᠡ᠂ ᠬᠠᠮᠲᠤ ᠶᠢᠨ ᠠᠵᠤ ᠠᠬᠤᠶ ᠵᠡᠷᠭᠡ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠠᠷᠢᠯᠭᠠᠵᠤ᠂ ᠠᠮᠤᠷ ᠠᠮᠤᠭᠤᠯᠠᠩ ᠵᠡᠭᠦᠨ ᠦᠵᠦᠮᠦᠴᠢᠨ ᠤ ᠪᠥᠲᠥᠭᠡᠨ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ ᠠᠬᠢᠭᠤᠯᠬᠤ ᠬᠡᠷᠡᠭᠲᠡᠶ᠃ ᠲᠣᠭᠤᠷᠢᠨ ᠪᠠᠶᠢᠴᠠᠭᠠᠬᠤ ᠲᠣᠭᠤᠷᠢᠨ ᠴᠠᠭᠳᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠨ ᠨᠢᠮᠪᠠᠶ ᠲᠣᠭᠳᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ︽ᠨᠢᠭᠡ ᠪᠦᠯᠦᠭ ᠲᠣᠭᠤᠷᠢᠨ ᠪᠠᠶᠢᠴᠠᠭᠠᠪᠠᠯ ᠨᠢᠭᠡ ᠪᠦᠯᠦᠭ ᠢ ᠳᠠᠶᠢᠴᠢᠯᠠᠬᠤ︾᠎ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠶ ᠬᠥᠳᠡᠭᠡ ᠲᠣᠰᠬᠤᠨ        ᠲᠠᠷᠢᠶᠠᠴᠢᠨ︾᠎ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠣᠳᠣᠬᠢᠴᠢᠯᠠᠭᠰᠠᠨ ᠮᠠᠯ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠥᠯᠥᠪᠯᠡᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠷᠭ᠎ᠠ ᠶᠢᠨ ᠰᠢᠨ᠎ᠡ ᠶᠢ ᠡᠭᠦᠳᠴᠦ᠂ ᠪᠠᠶᠢᠴᠠᠭᠠᠬᠤ ᠲᠡᠰ ᠳᠠᠷᠠᠭᠠᠯᠠᠯ ᠢ ᠵᠢᠷᠤᠮᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢ ᠪᠠᠲᠤᠯᠠᠬᠤ ᠬᠡᠷᠡᠭᠲᠡᠢ᠃ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠷᠥᠯ ᠵᠦᠢᠯ᠂ ᠨᠥᠭᠡᠴᠡ ᠲᠥᠷᠥᠯ ᠵᠦᠢᠯ ᠢ ᠡᠷᠲᠡᠬᠡᠨ ᠨᠠᠶᠢᠷᠠᠭᠤᠯᠤᠨ ᠵᠣᠬᠢᠶᠠᠵᠤ᠂ ᠨᠠᠩ ᠣᠯᠠᠨ ᠮᠠᠯᠵᠢᠬᠤ ᠡᠷᠦᠬᠡ ᠶᠢᠨ ᠠᠰᠢᠭ ᠭᠥᠷᠳᠡᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠪᠡ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠶᠠᠷᠢᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号