ᠮᠠᠨ ᠤ ᠬᠤᠰᠢᠭᠤᠨ ᠤ 2025 ᠣᠨ ᠤ ᠰᠤᠷᠭᠠᠭᠤᠯᠢ ᠶᠢᠨ ᠬᠥᠯ ᠪᠥᠮᠪᠦᠭᠡ ᠶᠢᠨ ᠨᠡᠶᠢᠲᠡ ᠶᠢᠨ ᠠᠰᠠᠷᠠᠮᠵᠢ ᠶᠢᠨ ᠡᠳᠦᠷ ᠤᠨ ᠠᠵᠢᠯᠯᠠᠭ᠎ᠠ ᠵᠢᠴᠢ 《 ᠬᠤᠰᠢᠭᠤ ᠳᠠᠷᠤᠭ᠎ᠠ ᠬᠤᠨᠳᠠᠭᠠᠲᠤ 》ᠬᠥᠯ ᠪᠥᠮᠪᠦᠭᠡ ᠎ ᠶᠢᠨ ᠰᠢᠷᠢᠰ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/3/14
      3 ᠰᠠᠷ᠎ᠠ ᠶᠢᠨ 5᠎ ᠤ ᠡᠳᠦᠷ᠂ 2025 ᠣᠨ ᠤ ᠵᠡᠭᠦᠨ ᠦᠵᠦᠮᠦᠴᠢᠨ ᠬᠤᠰᠢᠭᠤᠨ ᠤ ᠰᠤᠷᠭᠠᠭᠤᠯᠢ ᠶᠢᠨ ᠬᠥᠯ ᠪᠥᠮᠪᠦᠭᠡ ᠶᠢᠨ ᠨᠡᠶᠢᠲᠡ ᠶᠢᠨ ᠠᠰᠠᠷᠠᠮᠵᠢ ᠶᠢᠨ ᠡᠳᠦᠷ ᠤᠨ ᠠᠵᠢᠯᠯᠠᠭ᠎ᠠ ᠵᠢᠴᠢ《ᠬᠤᠰᠢᠭᠤ ᠳᠠᠷᠤᠭ᠎ᠠ ᠬᠤᠨᠳᠠᠭᠠᠲᠤ 》ᠬᠥᠯ ᠪᠥᠮᠪᠦᠭᠡ ᠶᠢᠨ ᠰᠢᠷᠢᠰ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠳᠤ ᠶᠠᠪᠤᠭᠳᠠᠪᠠ᠃      ᠳᠡᠳ᠋ ᠬᠤᠰᠢᠭᠤ ᠳᠠᠷᠤᠭ᠎ᠠ ᠶᠣᠣ ᠬᠠᠢ ᠰᠢᠶᠠ ᠣᠷᠣᠯᠴᠠᠭᠰᠠᠨ ᠪᠥᠭᠡᠳ ᠤᠷᠤᠯᠳᠤᠭᠠᠨ ᠡᠬᠢᠯᠡᠭᠰᠡᠨ ᠢ          ᠵᠠᠷᠯᠠᠪᠠ᠃ ᠬᠤᠰᠢᠭᠤ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠤᠳᠤᠷᠢᠳᠤᠯᠭ᠎ᠠ ᠨᠠᠷ ᠠᠴᠠ ᠤᠷᠤᠯᠳᠤᠭᠠᠨ ᠳᠤ ᠣᠷᠣᠯᠴᠠᠭᠰᠠᠨ ᠡᠯ᠎ᠡ ᠰᠤᠷᠭᠠᠭᠤᠯᠢ ᠳᠤ ᠬᠥᠯ ᠪᠥᠮᠪᠦᠭᠡ ᠶᠢᠨ ᠪᠣᠯᠪᠠᠰᠤᠷᠠᠯ ᠤᠨ ᠪᠣᠭᠴᠣ ᠪᠡᠯᠡᠭᠯᠡᠵᠦ᠂ ᠲᠠᠮᠢᠷᠴᠢᠳ ᠎ ᠤᠨ ᠲᠥᠯᠥᠭᠡᠯᠡᠭᠴᠢ ᠠᠴᠠ ᠰᠤᠷᠭᠠᠭᠤᠯᠢ ᠶᠢᠨ ᠬᠥᠯ ᠪᠥᠮᠪᠦᠭᠡ ᠶᠢᠨ ᠳᠤᠷᠠᠰᠬᠠᠯ ᠤᠨ ᠪᠣᠳᠠᠰ ᠪᠡᠯᠡᠭᠯᠡᠪᠡ᠃ ᠲᠠᠮᠢᠷᠴᠢᠨ ᠤ ᠲᠥᠯᠥᠭᠡᠯᠡᠭᠴᠢ ᠪᠠ ᠬᠢᠨᠠᠭᠴᠢ ᠶᠢᠨ ᠲᠥᠯᠥᠭᠡᠯᠡᠭᠴᠢ ᠠᠴᠠ ᠲᠠᠩᠭᠠᠷᠢᠭᠯᠠᠪᠠ᠃      ᠲᠤᠬᠠᠶ ᠶᠢᠨ ᠲᠠᠯᠠᠪᠠᠢ ᠳᠤ ᠪᠠᠰᠠ ᠬᠥᠯ ᠪᠥᠮᠪᠦᠭᠡ ᠶᠢᠨ ᠬᠥᠭᠵᠢᠭᠡᠨ ᠵᠣᠷᠢᠭᠵᠢᠭᠤᠯᠬᠤ ᠲᠠᠮᠢᠷ ᠤᠨ ᠲᠣᠭᠯᠠᠯᠲᠠ ᠤᠷᠮ᠎ᠠ ᠬᠦᠭᠵᠢᠭᠡᠬᠦ ᠲᠠᠮᠢᠷ ᠵᠢᠴᠢ ᠬᠥᠰᠢᠭᠡ ᠰᠡᠬᠦᠬᠦ ᠤᠷᠤᠯᠳᠤᠭᠠᠨ ᠶᠠᠪᠤᠭᠤᠯᠪᠠ᠃      ᠲᠣᠰ ᠤᠳᠠᠭᠠᠨ ᠤ ᠤᠷᠤᠯᠳᠤᠭᠠᠨ ᠳᠤ ᠪᠥᠬᠦ ᠬᠤᠰᠢᠭᠤᠨ ᠤ 6 ᠳᠤᠮᠳᠠᠳᠤ ᠪᠠᠭ᠎ᠠ ᠰᠤᠷᠭᠠᠭᠤᠯᠢ ᠶᠢᠨ 12 ᠲᠥᠯᠥᠭᠡᠯᠡᠭᠴᠢᠳ ᠤᠨ ᠠᠩᠭᠢ ᠣᠷᠣᠯᠴᠠᠵᠤ᠂ ᠵᠢᠱᠢᠯᠲᠡ ᠪᠠᠷ 2 ᠭᠠᠷᠠᠭ ᠦᠷᠭᠦᠯᠵᠢᠯᠡᠨ᠎ᠡ᠃      ᠣᠶᠢᠷ᠎ᠠ ᠶᠢᠨ ᠵᠢᠯ ᠳᠤ᠂ ᠮᠠᠨ ᠤ ᠬᠤᠰᠢᠭᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠥᠯ ᠪᠥᠮᠪᠦᠭᠡ ᠶᠢ ᠬᠥᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠥᠯ ᠪᠥᠮᠪᠦᠭᠡ ᠶᠢ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠥᠯ ᠪᠥᠮᠪᠦᠭᠡ ᠶᠢᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠭᠡᠳ ᠢᠯᠡᠳᠲᠡ ᠦᠷ᠎ᠡ ᠪᠦᠲᠦᠮᠵᠢ ᠤᠯᠪᠠ᠃ ᠣᠳᠣᠬᠠᠨ ᠳᠤ᠂ ᠮᠠᠨ ᠤ ᠬᠤᠰᠢᠭᠤᠨ ᠤ 8 ᠳᠤᠮᠳᠠᠳᠤ ᠪᠠᠭ᠎ᠠ ᠰᠤᠷᠭᠠᠭᠤᠯᠢ ᠪᠦᠬᠦᠨ ᠢᠶᠠᠷ ᠢᠶᠠᠨ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠪᠠᠷ ᠦᠨᠡᠯᠡᠭᠳᠡᠪᠡ᠃      
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号