ᠮᠠᠨ ᠤ ᠬᠤᠰᠢᠭᠤ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠮᠦᠨ ᠪᠦᠬᠦᠨ ᠬᠠᠷᠢᠭᠤᠴᠠᠯᠭ᠎ᠠ ᠲᠠᠢ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠤᠰᠬᠠᠶ ᠰᠡᠳᠦᠪᠲᠦ ᠮᠡᠳᠡᠯᠭᠡ ᠶᠢᠨ ᠤᠷᠤᠯᠳᠤᠭᠠᠨ ᠦᠷᠨᠢᠭᠦᠯᠪᠡ
ᠨᠡᠶᠢᠲᠡᠯᠡᠭᠰᠡᠨ ᠴᠠᠭ᠄
2025/3/17
      ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 5᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠬᠠᠮᠲᠤᠷᠠᠨ ᠡᠷᠬᠢᠯᠡᠭᠰᠡᠨ ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ ᠬᠦᠮᠦᠨ ᠪᠦᠬᠦᠨ ᠬᠠᠷᠢᠭᠤᠴᠠᠯᠭ᠎ᠠ ᠲᠠᠢ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠤᠰᠬᠠᠢ ᠰᠡᠳᠦᠪᠲᠦ ᠤᠷᠤᠯᠳᠤᠭᠠᠨ ᠬᠤᠰᠢᠭᠤ ᠤᠯᠠᠭᠠᠨᠮᠥ᠋ᠴᠢᠷ ᠤᠨ ᠮᠡᠳᠡᠭᠦᠯᠦᠯᠲᠡ ᠶᠢᠨ ᠲᠢᠩᠬᠢᠮ ᠳᠤ ᠠᠮᠵᠢᠯᠲᠠ ᠲᠠᠢ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠳᠤ ᠪᠥᠬᠦ ᠬᠤᠰᠢᠭᠤᠨ ᠤ ᠰᠤᠮᠤ ᠪᠠᠯᠭᠠᠰᠤ ︵ᠲᠠᠯᠠᠪᠠᠶ︶᠎ ᠶᠢᠨ ᠨᠠᠮ ᠤᠨ ᠬᠤᠷᠢᠶ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ 11 ᠲᠥᠯᠥᠭᠡᠯᠡᠭᠴᠢᠳ ᠤᠨ ᠠᠩᠭᠢ ᠶᠢᠨ 33  ᠬᠦᠮᠦᠨ ᠣᠷᠣᠯᠴᠠᠵᠠᠢ᠃      ᠤᠷᠤᠯᠳᠤᠭᠠᠨ ᠤ ᠠᠬᠤᠢ ᠲᠠᠯᠠᠪᠠᠢ ᠶᠢᠨ ᠠᠭᠤᠷ ᠠᠮᠢᠰᠬᠤᠯ ᠪᠠᠴᠢᠮ ᠪᠥᠭᠡᠳ ᠬᠥᠷ ᠬᠥᠭᠵᠢᠶᠡᠨᠲᠡᠶ ᠪᠠᠶᠢᠵᠤ᠂ ᠣᠷᠤᠯᠴᠠᠭᠰᠠᠳ ᠴᠤᠭ ᠵᠢᠪᠬᠤᠭ᠎ᠠ ᠲᠡᠭᠦᠯᠳᠡᠷ᠂ ᠲᠤᠰᠬᠠᠯ ᠲᠦᠷᠭᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠯᠠᠪᠳᠠᠭᠤᠨ ᠪᠠᠲᠤᠲᠠᠶ ᠮᠡᠳᠡᠯᠭᠡ ᠶᠢᠨ ᠨᠥᠭᠡᠴᠡ ᠪᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠲᠣᠰ ᠣᠳᠠᠭᠠᠨ ᠤ ᠮᠡᠳᠡᠯᠭᠡ ᠶᠢᠨ ᠤᠷᠤᠯᠳᠤᠭᠠᠨ ᠳᠤ ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢ ᠶᠢᠨ ᠰᠡᠳᠦᠪ᠂ ᠨᠡᠮᠡᠯᠲᠡ ᠰᠡᠳᠦᠪ ᠵᠡᠷᠭᠡ ᠳᠥᠷᠪᠡᠨ ᠬᠡᠰᠡᠭ ᠎ ᠢ ᠲᠣᠬᠢᠷᠠᠭᠤᠯᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠠᠯᠲᠠᠨᠬᠢᠯᠢ ᠰᠤᠮᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠬᠤᠰᠢᠭᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠶᠠᠳᠤᠭᠠᠷ ᠳᠡᠰ ᠤᠨ ᠱᠠᠩᠨᠠᠯ ᠭᠥᠷᠳᠡᠵᠦ᠂  ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠭᠤᠷᠪᠠᠳᠤᠭᠠᠷ ᠳᠡᠰ ᠤᠨ ᠱᠠᠩᠨᠠᠯ ᠭᠥᠷᠳᠡᠵᠦ᠂ ᠡᠵᠢᠨᠠᠭᠤᠷ ᠳᠠᠪᠤᠰᠤᠨ ᠤ ᠬᠢᠵᠠᠭᠠᠷᠲᠤ ᠺᠣᠮᠫᠠᠨᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃      ᠤᠷᠤᠯᠳᠤᠭᠠᠨ ᠤ ᠳᠠᠷᠠᠭ᠎ᠠ᠂ ᠤᠷᠤᠯᠳᠤᠭᠠᠨ ᠳᠤ ᠣᠷᠣᠯᠴᠠᠭᠰᠠᠳ ᠶᠠᠷᠢᠬᠤ ᠳᠠᠭᠠᠨ᠂ ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠨᠳᠦᠰᠦᠨ ᠣᠨᠣᠯ ᠪᠠ ᠴᠡᠷᠢᠭ ᠤᠨ ᠶᠠᠪᠤᠳᠠᠯ ᠤᠨ ᠮᠡᠳᠡᠯᠭᠡ ᠶᠢ ᠣᠶᠢᠯᠠᠭᠠᠵᠤ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠬᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠪᠣᠶ ᠪᠣᠯᠭᠠᠵᠤ᠂ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠣᠷᠣᠯᠴᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠨᠠᠩ ᠬᠥᠭᠵᠢᠭᠡᠪᠡ ᠭᠡᠵᠡᠶ᠃      ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠨ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠎ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠥᠲᠥᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠵᠢᠯ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ  ︽ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠳᠤ  ᠬᠦᠮᠦᠨ ᠪᠦᠬᠦᠨ ᠬᠠᠷᠢᠭᠤᠴᠠᠯᠭ᠎ᠠ ᠲᠠᠢ︾  ᠭᠡᠬᠦ ᠰᠢᠷᠢᠰ ᠲᠤᠰᠬᠠᠶ ᠰᠡᠳᠦᠪᠲᠦ ᠮᠡᠳᠡᠯᠭᠡ ᠶᠢᠨ ᠤᠷᠤᠯᠳᠤᠭᠠᠨ ᠨᠡᠶᠢᠲᠡ 3 ᠲᠠᠯᠠᠪᠤᠷ ᠲᠤᠬᠢᠷᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠲᠠᠪᠤᠨ ᠲᠡᠦᠬᠡ 2 ᠲᠤᠰᠬᠠᠶ ᠰᠡᠳᠦᠪᠲᠦ ᠮᠡᠳᠡᠯᠭᠡ ᠶᠢᠨ ᠤᠷᠤᠯᠳᠤᠭᠠᠨ ᠨᠢ ᠲᠣᠰ ᠲᠣᠰ 3 ᠰᠠᠷ᠎ᠠ ᠶᠢᠨ 10᠎ ᠤ ᠡᠳᠦᠷ᠂ 3 ᠰᠠᠷ᠎ᠠ ᠶᠢᠨ 11᠎ ᠤ ᠡᠳᠦᠷ ᠶᠠᠪᠤᠭᠳᠠᠬᠤ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号