ᠦᠨᠳᠦᠰᠦᠲᠡᠨ ᠤ ᠣᠨᠴᠠᠯᠢᠭᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠡᠮᠡᠭᠲᠡᠶᠢᠴᠦᠳ ᠤᠨ ᠠᠳᠠᠯ | ᠦᠶᠯᠡᠰ ᠴᠣᠭᠴᠠᠯᠠᠵᠤ ᠠᠵᠢᠯ ᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠠᠵᠢᠯ ᠬᠦᠯᠢᠶᠡᠵᠦ | ᠪᠠᠶᠢᠭ᠎ᠠ᠂ ᠠᠵᠢᠯ ᠥᠬᠡᠶ ᠡᠮᠡᠭᠲᠡᠶᠢᠴᠦᠳ ᠢ ᠦᠨᠡᠨ ᠬᠦ ᠬᠠᠪᠰᠤᠷᠤᠨ ᠭᠠᠷ ᠤᠷᠠᠯᠠᠯ ᠤᠨ ᠤᠷ᠎ᠠ ᠴᠢᠳᠠᠪᠤᠷᠢ ᠶᠢ | ᠡᠵᠡᠮᠰᠢᠭᠦᠯᠬᠦ ᠶᠢᠨ ᠲᠥᠯᠥᠭᠡ᠂ 3 ᠰᠠᠷ᠎ᠠ ᠶᠢᠨ 4 ᠤ ᠡᠳᠦᠷ᠂ ᠬᠤᠰᠢᠭᠤ ᠠᠵᠢᠯ ᠣᠯᠭᠤᠯᠲᠠ ᠶᠢᠨ ᠦᠶᠯᠡᠴᠢᠯᠡᠭᠡᠨ | ᠤ ᠲᠥᠪ ᠠᠴᠠ ᠦᠨᠳᠦᠰᠦᠲᠡᠨ ᠤ ᠬᠤᠪᠴᠠᠰᠤ ᠡᠰᠬᠡᠬᠦ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ | ᠪᠥᠬᠦ ᠬᠤᠰᠢᠭᠤᠨ ᠤ ᠡᠯ᠎ᠡ ᠰᠤᠮᠤ᠂ ᠪᠠᠯᠭᠠᠰᠦ᠂ ᠭᠠᠴᠠᠭ᠎ᠠ ᠠᠴᠠ ᠢᠷᠡᠭᠰᠡᠨ 25 ᠬᠦᠮᠦᠨ 7 ᠡᠳᠦᠷ ᠤᠨ | ᠬᠤᠭᠤᠴᠠᠭ᠎ᠠ ᠲᠠᠢ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠢᠴᠢᠶᠡᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠯ ᠳᠤ ᠮᠠᠨ ᠤ ᠬᠤᠰᠢᠭᠤᠨ ᠤ ᠵᠢᠷᠭᠤᠳᠤᠭᠠᠷ ᠪᠦᠯᠦᠭ ᠪᠣᠳᠠᠰ ᠤᠨ ᠪᠤᠰᠤ | ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ《ᠦᠵᠦᠮᠦᠴᠢᠨ ᠬᠤᠪᠴᠠᠰᠤ ᠵᠠᠰᠠᠯ 》 ᠤᠨ ᠲᠥᠷᠥᠯ ᠵᠦᠶᠯ ᠤᠨ | ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠰᠠᠶᠢᠬᠠᠨᠲᠤᠯᠢ ᠪᠠᠭᠰᠢ ᠶᠢ ᠤᠷᠢᠵᠤ ᠬᠢᠴᠢᠶᠡᠯ ᠣᠷᠣᠵᠠᠢ᠃ | ᠪᠣᠯᠪᠠᠰᠤᠷᠠᠯ ᠳᠤ ᠦᠵᠦᠮᠦᠴᠢᠨ ᠲᠡᠷᠯᠢᠭ ᠡᠰᠬᠡᠬᠦ ᠮᠡᠳᠡᠯᠭᠡ᠂ ᠪᠥᠰ ᠤᠨ ᠲᠥᠷᠥᠯ ᠵᠦᠢᠯ᠂ ᠬᠡ ᠤᠭᠠᠯᠵᠠ | ᠰᠣᠩᠭᠤᠬᠤ᠂ ᠬᠠᠳᠬᠤᠮᠠᠯ ᠤᠲᠠᠰᠤ ᠲᠣᠬᠢᠷᠠᠭᠤᠯᠬᠤ᠂ ᠬᠤᠪᠴᠠᠰᠤ ᠵᠠᠰᠠᠯ ᠤᠨ ᠥᠩᠭᠡ ᠪᠤᠳᠤᠭ ᠲᠣᠬᠢᠷᠠᠭᠤᠯᠬᠤ | ᠵᠡᠷᠭᠡ ᠠᠭᠤᠯᠭ᠎ᠠ ᠶᠢ ᠬᠠᠮᠤᠷᠴᠠᠶ ᠃ | ᠪᠣᠯᠪᠠᠰᠤᠷᠠᠯ ᠤᠨ ᠲᠤᠬᠠᠶ ᠶᠢᠨ ᠲᠠᠯᠠᠪᠠᠢ ᠳᠤ᠂ ᠪᠠᠭᠰᠢ ᠠᠴᠠ ᠰᠤᠷᠤᠭᠴᠢᠳ ᠤᠨ ᠪᠣᠳᠠᠲᠠᠶ ᠰᠤᠷᠤᠯᠭ᠎ᠠ ᠶᠢᠨ | ᠪᠠᠶᠢᠳᠠᠯ ᠢ ᠦᠨᠳᠦᠰᠦᠯᠡᠨ ᠨᠢᠭᠡᠳ ᠨᠢᠭᠡ ᠪᠠᠷ ᠵᠠᠰᠠᠨ ᠵᠠᠯᠠᠷᠠᠭᠤᠯᠤᠨ᠎ᠠ ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠦᠨᠳᠦᠰᠦᠲᠡᠨ ᠤ ᠬᠤᠪᠴᠠᠰᠤ ᠵᠠᠰᠠᠯ ᠦᠶᠯᠡᠳᠬᠦ᠂ | ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠶᠯᠡᠳᠬᠦ᠂ ᠴᠠᠭᠠᠨ ᠢᠳᠡᠭᠡ ᠦᠶᠯᠡᠳᠬᠦ ᠵᠡᠷᠭᠡ ᠭᠠᠵᠠᠷ | ᠣᠷᠣᠨ ᠤ ᠣᠨᠴᠠᠯᠢᠭ ᠪᠥᠬᠦᠶ ᠤᠷ᠎ᠠ ᠴᠢᠳᠠᠪᠤᠷᠢ ᠶᠢᠨ ᠪᠤᠯᠪᠠᠰᠣᠷᠠᠯ ᠢ ᠢᠳᠡᠪᠬᠢᠲᠡᠶ ᠠᠬᠢᠭᠤᠯᠵᠤ᠂ ᠰᠤᠷᠤᠭᠴᠢᠳ ᠲᠤ | ᠰᠢᠨ᠎ᠡ ᠤᠷ᠎ᠠ ᠴᠢᠳᠠᠪᠤᠷᠢ ᠣᠯᠭᠤᠬᠤ ᠶᠢᠨ ᠬᠠᠮᠲᠤ ᠲᠡᠳᠡᠨ ᠳᠤ ᠰᠢᠨ᠎ᠡ ᠬᠦᠷᠢᠶᠡᠨ ᠳᠤ ᠬᠤᠪᠢ ᠬᠥᠮᠦᠨ ᠵᠢᠴᠢ | ᠨᠡᠶᠢᠭᠡᠮ ᠤᠨ ᠦᠨ᠎ᠡ ᠥᠷᠲᠡᠭ ᠢ ᠪᠡᠶᠡᠯᠡᠭᠦᠯᠬᠦ ᠲᠣᠬᠢᠶᠠᠯ ᠣᠯᠭᠤᠵᠤ᠂ ᠰᠠᠶᠢᠨ ᠰᠠᠶᠢᠬᠠᠨ ᠨᠡᠶᠢᠭᠡᠮ ᠤᠨ ᠲᠤᠰᠬᠠᠯ | ᠭᠠᠷᠭᠠᠭᠰᠠᠨ ᠪᠠᠶᠢᠨ᠎ᠠ ᠃ | |