2 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽︿ᠬᠤᠶᠠᠷ ᠰᠢᠨ᠎ᠡ﹀ ᠲᠥᠷᠥᠯ ᠵᠦᠢᠯ ᠢ ᠤᠬᠠᠭᠠᠯᠠᠨ | ᠲᠥᠯᠥᠪᠯᠡᠬᠦ ᠵᠢᠴᠢ ︿ᠬᠦᠷᠭᠡᠬᠦ ᠰᠢᠢᠳᠪᠦᠷᠢᠯᠡᠬᠦ ᠰᠢᠯᠢᠳᠡᠭᠵᠢᠭᠦᠯᠬᠦ﹀ ᠪᠠᠷ ᠣᠴᠢᠵᠤ ᠦᠢᠯᠡᠴᠢᠯᠡᠨ ᠠᠵᠤ | ᠠᠬᠤᠶᠢᠯᠠᠯ ᠳᠤ ᠲᠤᠰᠠᠯᠠᠬᠤ ᠠᠵᠢᠯᠯᠠᠭᠠᠨ ᠥᠷᠨᠢᠭᠦᠯᠬᠦ ᠲᠤᠬᠠᠢ ᠮᠡᠳᠡᠭᠳᠡᠯ︾ ᠢ ᠪᠠᠭᠤᠯᠭᠠᠪᠠ᠃ ᠲᠣᠰ ᠤᠳᠠᠭᠠᠨ ᠤ | ᠠᠵᠢᠯᠯᠠᠭᠠᠨ ᠢ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ 3 ᠳ᠋ᠤᠭᠠᠷ | ᠰᠠᠷ᠎ᠠ ᠶᠢᠨ ᠰᠡᠭᠦᠯᠴᠢ ᠳᠤ ᠳᠠᠭᠤᠰᠬᠤ ᠪᠣᠯᠣᠨ᠎ᠠ᠃ | ︽ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ | ᠪᠠ ᠠᠵᠤ ᠠᠬᠤᠶᠢᠯᠠᠯ ᠳᠤ ᠲᠤᠰᠠᠯᠠᠬᠤ ᠠᠵᠢᠯᠯᠠᠭᠠᠨ ᠢ ᠨᠠᠶᠢᠳᠠᠪᠤᠷᠢᠵᠢᠭᠤᠯᠵᠤ᠂ ᠬᠦᠴᠦ ᠪᠠᠨ ᠨᠡᠮᠡᠭᠳᠡᠭᠦᠯᠦᠨ | ᠬᠡᠪᠴᠢᠶ᠎ᠡ ᠪᠠᠨ ᠥᠷᠭᠡᠳᠬᠡᠵᠦ ᠪᠠᠶᠢᠭᠠᠳ ︿ᠬᠤᠶᠠᠷ ᠰᠢᠨ᠎ᠡ﹀ ︵ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ | ᠪᠠ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ︶ ᠶᠢᠨ ᠲᠤᠬᠠᠢ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ | ᠬᠦᠴᠢᠷᠳᠡᠯ ᠤᠳ ᠢ ᠦᠨᠡᠨ ᠬᠦ ᠰᠢᠢᠳᠪᠦᠷᠢᠯᠡᠵᠦ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︿ᠡᠴᠦᠰ ᠤᠨ | ᠨᠢᠭᠡ ᠺᠢᠯᠣᠮᠧᠳ᠋ᠷ﹀ ᠢ ᠰᠢᠯᠤᠭᠤᠳᠬᠠᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ | ᠠᠰᠢᠭ ᠲᠤᠰᠠ ᠶᠢ ᠭᠦᠢᠴᠡᠳ ᠪᠠᠳᠠᠷᠠᠭᠤᠯᠬᠤ ᠶᠢ ᠪᠠᠲᠤᠯᠠᠬᠤ ᠶᠢᠨ ᠲᠥᠯᠥᠭᠡ᠂ ᠪᠢᠳᠡ ︿ᠬᠤᠶᠠᠷ ᠰᠢᠨ᠎ᠡ﹀ ᠲᠦᠷᠦᠯ | ᠵᠦᠢᠯ ᠢ ᠤᠬᠠᠭᠠᠯᠠᠨ ᠲᠥᠯᠥᠪᠯᠡᠬᠦ ᠵᠢᠴᠢ ︿ᠬᠦᠷᠭᠡᠬᠦ ᠰᠢᠢᠳᠪᠦᠷᠢᠯᠡᠬᠦ ᠰᠢᠯᠢᠳᠡᠭᠵᠢᠭᠦᠯᠬᠦ﹀ ︵ᠲᠦᠷᠦ ᠶᠢᠨ | ᠪᠣᠳᠣᠯᠭ᠎ᠠ ᠶᠢ ᠬᠦᠷᠭᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠢᠯᠡᠴᠢᠯᠡᠭᠡᠨ ᠤ ᠣᠷᠴᠢᠨ ᠨᠥᠭᠦᠴᠡᠯ ᠢ | ᠰᠢᠯᠢᠳᠡᠭᠵᠢᠭᠦᠯᠬᠦ︶ ᠪᠠᠷ ᠣᠴᠢᠵᠤ ᠦᠢᠯᠡᠴᠢᠯᠡᠨ ᠠᠵᠤ ᠠᠬᠤᠶᠢᠯᠠᠯ ᠳᠤ ᠲᠤᠰᠠᠯᠠᠬᠤ ᠠᠵᠢᠯᠯᠠᠭᠠᠨ ᠥᠷᠨᠢᠭᠦᠯᠬᠦ ᠪᠠᠷ | ᠲᠣᠭᠲᠠᠪᠠ᠃ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠢᠰᠲ᠋ᠧᠮ ᠤᠨ ᠬᠢᠨ ᠤ | ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠳᠤ ᠬᠦᠷᠴᠦ᠂ ᠨᠠᠷᠢᠯᠢᠭ ᠣᠨᠣᠴᠠᠲᠠᠢ ᠪᠠᠷ | ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠬᠦᠷᠭᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠳ ᠢ ᠬᠠᠪᠰᠤᠷᠤᠨ | ᠲᠥᠷᠥᠯ ᠵᠦᠢᠯ ᠢ ᠲᠥᠯᠥᠪᠯᠡᠨ ᠵᠣᠬᠢᠶᠠᠵᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠲᠥᠷᠥᠯ ᠵᠦᠢᠯ | ᠴᠢᠷᠮᠠᠶᠢᠨ ᠣᠯᠵᠤ ᠥᠭᠭᠦᠨ᠂ ᠡᠯ᠎ᠡ ᠭᠠᠵᠠᠷ ᠣᠷᠣᠨ ᠤ ︿ᠬᠤᠶᠠᠷ ᠰᠢᠨ᠎ᠡ﹀ ᠲᠥᠷᠥᠯ ᠵᠦᠢᠯ ᠤᠨ ᠲᠤᠭ᠎ᠠ ᠬᠡᠮᠵᠢᠶ᠎ᠡ | ᠪᠠ ᠴᠢᠨᠠᠷ ᠴᠢᠨᠰᠠᠭ᠎ᠠ ︿ᠬᠤᠶᠠᠷ ᠢ ᠨᠢ ᠳᠡᠭᠡᠭᠰᠢᠯᠡᠭᠦᠯᠬᠦ﹀ ᠪᠠᠷ ᠴᠢᠷᠮᠠᠶᠢᠨ᠂ ᠪᠥᠬᠦ ᠣᠷᠣᠨ ᠤ ᠪᠡᠯᠡ | ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ | ᠲᠣᠭᠲᠠᠪᠤᠷᠢᠵᠢᠭᠤᠯᠬᠤ ᠶᠢ ᠠᠬᠢᠭᠤᠯᠤᠨ᠎ᠠ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠬᠢ ᠪᠠᠶᠠᠯᠢᠭ ᠢ ᠠᠷᠪᠢᠯᠠᠬᠤ ᠬᠢᠭᠡᠳ ᠣᠷᠴᠢᠨ | ᠲᠣᠭᠤᠷᠢᠨ ᠢ ᠬᠠᠮᠠᠭᠠᠯᠠᠬᠤ ᠭᠠᠵᠠᠷ ᠤᠨ ᠭᠠᠵᠠᠷ ᠤᠨ ᠳᠠᠷᠤᠭ᠎ᠠ ᠸᠠᠩ ᠶᠧ ᠲᠠᠨᠢᠯᠴᠠᠭᠤᠯᠪᠠ᠃ | ᠲᠣᠰ ᠤᠳᠠᠭᠠᠨ ᠤ ᠠᠵᠢᠯᠯᠠᠭᠠᠨ ᠢᠶᠠᠷ ᠦᠢᠯᠡᠴᠢᠯᠡᠭᠦᠯᠬᠦ ᠡᠲᠡᠭᠡᠳ ᠲᠤ ᠣᠷᠣᠨ ᠤ ᠳᠣᠲᠣᠷ᠎ᠠ | ᠪᠠᠶᠢᠭᠤᠯᠤᠭᠳᠠᠭᠰᠠᠨ᠂ ᠪᠠᠶᠢᠭᠤᠯᠤᠭᠳᠠᠵᠤ ᠪᠠᠶᠢᠭ᠎ᠠ᠂ ᠪᠠᠶᠢᠭᠤᠯᠤᠭᠳᠠᠬᠤ ᠪᠠᠷ ᠪᠠᠶᠢᠭ᠎ᠠ ︽ᠬᠤᠶᠠᠷ ᠰᠢᠨ᠎ᠡ︾ ᠴᠢᠬᠤᠯᠠ | ᠶᠡᠭᠡ ᠲᠥᠷᠥᠯ ᠵᠦᠢᠯ ᠵᠢᠴᠢ 2024 ᠣᠨ ᠤ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠰᠢᠭᠯᠠᠮᠵᠢ ᠶᠢ ᠨᠢ | ᠬᠠᠷᠭᠤᠭᠤᠯᠤᠨ ᠪᠠᠶᠢᠴᠠᠭᠠᠭᠰᠠᠨ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠭᠤᠣᠯᠳᠠᠯᠭ᠎ᠠ ᠪᠣᠯᠬᠤ ᠠᠵᠤ | ᠠᠬᠤᠶᠢᠯᠠᠯ ᠤᠳ ᠪᠠᠭᠲᠠᠨ᠎ᠠ᠃ ᠡᠭᠦᠨ ᠤ ᠬᠠᠮᠲᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠬᠦ ᠵᠡᠷᠭᠡ ᠲᠠᠯ᠎ᠠ ᠪᠠᠷ ᠪᠠᠴᠢᠮ | ᠱᠠᠭᠠᠷᠳᠠᠭᠳᠠᠵᠤ ᠪᠠᠶᠢᠭ᠎ᠠ ᠠᠵᠤ ᠠᠬᠤᠶᠢᠯᠠᠯ ᠤᠳ ᠢ ᠲᠣᠰ ᠤᠳᠠᠭᠠᠨ ᠤ ᠠᠵᠢᠯᠯᠠᠭᠠᠨ ᠢᠶᠠᠷ ᠦᠢᠯᠡᠴᠢᠯᠡᠭᠦᠯᠬᠦ | ᠭᠤᠣᠯᠳᠠᠯᠭ᠎ᠠ ᠪᠣᠯᠬᠤ ᠡᠲᠡᠭᠡᠳ ᠲᠤ ᠵᠢᠭᠰᠠᠭᠠᠨ ᠣᠷᠣᠭᠤᠯᠵᠤ᠂ ᠦᠢᠯᠡᠴᠢᠯᠡᠭᠡ ᠪᠠ ᠬᠡᠷᠡᠭᠴᠡᠭᠡ ᠶᠢ ᠨᠢ ᠲᠦᠢᠯ ᠤᠨ | ᠣᠨᠣᠴᠠᠲᠠᠢ ᠪᠠᠷ ᠵᠣᠯᠭᠠᠭᠤᠯᠬᠤ᠂ ᠪᠦᠲᠦᠮᠵᠢᠲᠡᠶ ᠲᠣᠬᠢᠷᠠᠭᠤᠯᠬᠤ ᠶᠢ ᠦᠨᠡᠨ ᠬᠦ ᠪᠠᠲᠤᠯᠠᠨ᠎ᠠ᠃ | ᠠᠵᠢᠯᠯᠠᠭᠠᠨ ᠳᠤ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ ᠨᠢᠭᠡ ᠳᠤ ᠲᠥᠷᠥ ᠶᠢᠨ ᠪᠣᠳᠣᠯᠭ᠎ᠠ ᠶᠢ | ᠬᠦᠷᠭᠡᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠰᠢᠨ᠎ᠡ︾ ᠶᠢᠨ ᠲᠤᠬᠠᠢ ᠲᠥᠷᠥ ᠶᠢᠨ | ᠪᠣᠳᠣᠯᠭ᠎ᠠ ᠶᠢᠨ ᠡᠮᠬᠢᠳᠬᠡᠯ ᠢ ᠪᠣᠶ ᠪᠣᠯᠭᠠᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠪᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠤ | ᠠᠬᠤᠶᠢᠯᠠᠯ ᠤᠳ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠤᠨ᠂ ᠲᠥᠷᠥᠯ ᠵᠦᠢᠯ ᠢ ᠨᠢ ᠤᠬᠠᠭᠠᠯᠠᠨ | ᠲᠥᠯᠥᠪᠯᠡᠵᠦ᠂ ᠪᠡᠯᠡ ᠮᠥᠩᠭᠦ ᠴᠢᠷᠮᠠᠶᠢᠨ ᠣᠯᠵᠤ ᠥᠭᠭᠦᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠠᠵᠤ | ᠠᠬᠤᠶᠢᠯᠠᠯ ᠤᠳ ᠤᠨ ︽ᠳᠠᠩᠰᠠᠨ︾ ᠳᠤ᠂ ᠣᠯᠠᠨ ᠲᠦᠮᠡᠨ ᠤ ︽ᠭᠠᠷ︾ ᠲᠤ ᠦᠨᠡᠨ ᠬᠦ ᠣᠷᠣᠭᠤᠯᠬᠤ ᠪᠣᠯᠣᠨ᠎ᠠ᠃ | ᠬᠤᠶᠠᠷ ᠲᠤ ᠪᠣᠳᠠᠲᠠᠢ ᠬᠦᠴᠢᠷ ᠠᠰᠠᠭᠤᠳᠠᠯ ᠤᠳ ᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠲᠥᠷᠥᠯ ᠵᠦᠢᠯ | ᠭᠤᠶᠤᠴᠢᠯᠠᠨ ᠮᠡᠳᠡᠭᠦᠯᠬᠦ᠂ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠪᠡᠯᠡ ᠮᠥᠩᠭᠦ ᠣᠯᠬᠤ ᠵᠡᠷᠭᠡ | ᠲᠠᠯ᠎ᠠ ᠪᠠᠷ ᠬᠢ ᠠᠰᠠᠭᠤᠳᠠᠯ ᠬᠦᠴᠢᠷᠳᠡᠯ ᠤᠳ ᠢ ᠨᠢ ᠪᠥᠬᠦ ᠲᠠᠯ᠎ᠠ ᠪᠠᠷ ᠣᠶᠢᠯᠠᠭᠠᠵᠤ᠂ ᠠᠰᠠᠭᠤᠳᠠᠯ ᠤᠨ ᠨᠠᠷᠢᠨ | ᠲᠠᠩᠰᠠ ᠶᠢ ᠪᠣᠶ ᠪᠣᠯᠭᠠᠨ᠂ ᠨᠢᠭᠤᠷᠲᠠᠨ ᠪᠠᠶᠢᠵᠤ ︽ᠨᠢᠭᠡᠳ ᠨᠢᠭᠡ ᠪᠠᠷ︾ ᠠᠰᠠᠭᠤᠳᠠᠯ ᠬᠦᠴᠢᠷᠳᠡᠯ ᠢ ᠨᠢ | ᠰᠢᠢᠳᠪᠦᠷᠢᠯᠡᠨ᠎ᠡ᠂ ᠠᠵᠤ ᠠᠬᠤᠶᠢᠯᠠᠯ ᠯᠤᠭ᠎ᠠ ᠨᠡᠪᠲᠡᠷᠡᠯᠴᠡᠵᠦ ᠬᠠᠷᠢᠯᠴᠠᠬᠤ ᠪᠠᠶᠢᠩᠭᠤᠰᠢᠭᠰᠠᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠠᠵᠤ ᠠᠬᠤᠶᠢᠯᠠᠯ ᠤᠳ ᠤᠨ ᠲᠤᠰᠬᠠᠭᠰᠠᠨ ᠠᠰᠠᠭᠤᠳᠠᠯ ᠤᠳ ᠢ ᠴᠠᠭ ᠲᠤᠬᠠᠢ ᠳᠤ ᠨᠢ ᠭᠥᠯᠢᠶᠡᠨ | ᠠᠪᠴᠤ ᠰᠢᠢᠳᠪᠦᠷᠢᠯᠡᠵᠦ᠂ ᠲᠦᠷᠭᠡᠨ ᠰᠢᠯᠵᠢᠭᠦᠯᠵᠦ ᠭᠦᠢᠴᠡᠳᠬᠡᠨ᠂ ᠮᠥᠷᠳᠡᠵᠦ ᠪᠠᠶᠢᠭᠠᠳ ᠬᠠᠷᠢᠭᠤ ᠲᠤᠰᠬᠠᠨ᠎ᠠ᠃ | ᠭᠤᠷᠪᠠ ᠳᠤ ᠦᠢᠯᠡᠴᠢᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠡᠨᠧᠷᠭᠢ ᠠᠷᠪᠢᠯᠠᠬᠤ ᠶᠢ ᠨᠢ ᠬᠢᠨᠠᠨ | ᠪᠠᠶᠢᠴᠠᠭᠠᠵᠤ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ | ᠴᠠᠭ ᠬᠤᠭᠤᠴᠠᠭ᠎ᠠ ᠶᠢ ᠪᠣᠭᠤᠨᠢᠰᠬᠠᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠡᠨᠧᠷᠭᠢ ᠶᠢᠨ ᠠᠰᠢᠭᠯᠠᠮᠵᠢ ᠶᠢ ᠬᠠᠷᠭᠤᠭᠤᠯᠤᠨ ᠪᠠᠶᠢᠴᠠᠭᠠᠬᠤ ᠠᠵᠢᠯ ᠯᠤᠭ᠎ᠠ ᠤᠶᠠᠯᠳᠤᠭᠤᠯᠤᠨ᠂ ᠥᠭᠡᠷᠡᠴᠢᠯᠡᠨ | ᠰᠢᠨᠡᠴᠢᠯᠡᠬᠦ ᠬᠦᠰᠡᠯᠲᠡ ᠲᠠᠢ ᠠᠵᠤ ᠠᠬᠤᠶᠢᠯᠠᠯ ᠪᠠᠶᠢᠪᠠᠯ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠲᠥᠷᠥᠯ | ᠵᠦᠢᠯ ᠢ ᠨᠢ ᠲᠥᠯᠥᠪᠯᠡᠨ ᠵᠣᠬᠢᠶᠠᠵᠤ᠂ ᠲᠥᠷᠥᠯ ᠵᠦᠢᠯ ᠢ ᠨᠢ ᠤᠬᠠᠭᠠᠯᠠᠨ ᠲᠥᠯᠥᠪᠯᠡᠵᠦ᠂ ᠲᠥᠷᠥᠯ ᠵᠦᠢᠯ ᠤᠨ | ᠨᠥᠭᠡᠴᠡ ᠶᠢᠨ ᠨᠠᠷᠢᠨ ᠳᠠᠩᠰᠠ ᠶᠢ ᠨᠢ ᠪᠣᠶ ᠪᠣᠯᠭᠠᠨ ᠥᠭᠴᠦ᠂ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ | ᠨᠡᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠳ᠋ᠯᠡᠪᠡᠰᠦ ᠵᠣᠬᠢᠬᠤ ᠪᠣᠯᠭᠠᠨ ᠢ ᠨᠢ ᠴᠥᠮ ᠡᠳ᠋ᠯᠡᠭᠦᠯᠬᠦ ᠶᠢ ᠦᠨᠡᠨ ᠬᠦ | ᠪᠠᠲᠤᠯᠠᠨ᠎ᠠ᠃ |