ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠰᠣᠶᠣᠯ ᠤᠨ ᠡᠬᠢ | ᠪᠠᠶᠠᠯᠢᠭ ᠤᠨ ᠭᠠᠵᠠᠷ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠤᠨ ᠴᠢᠨᠠᠷ ᠰᠠᠶᠢᠲᠠᠢ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ ᠢᠶᠠᠷ ᠰᠣᠶᠣᠯ ᠤᠨ ᠠᠵᠤ ᠦᠢᠯᠡᠰ ᠦᠷᠭᠦᠯᠵᠢᠯᠡᠨ ᠡᠷᠡᠭᠦᠯ | ᠲᠣᠭᠲᠠᠭᠤᠨ ᠢᠶᠠᠷ ᠬᠥᠭᠵᠢᠵᠦ᠂ ᠰᠣᠶᠣᠯ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠨᠢᠭᠡᠴᠢ ︵ᠳᠣᠷᠣᠭᠰᠢ | ︽ᠰᠣᠶᠣᠯ ᠤᠨ ᠠᠵᠤ ᠠᠬᠤᠶᠢᠯᠠᠯ︾ ᠭᠡᠵᠦ ᠳᠥᠭᠦᠮᠴᠢᠯᠡᠨ᠎ᠡ︶ ᠶᠢᠨ ᠡᠵᠡᠩᠨᠡᠯᠲᠡ ᠶᠢᠨ ᠣᠷᠣᠯᠭ᠎ᠠ 140.9 | ᠳ᠋ᠦᠩᠰᠢᠭᠤᠷ ᠲᠥᠭᠦᠷᠢᠭ ᠲᠤ ᠬᠦᠷᠴᠡᠢ᠃ | 2024 ᠣᠨ ᠳᠤ ᠮᠠᠨ ᠤ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠣᠶᠣᠯ ᠤᠨ ᠠᠵᠤ ᠠᠬᠤᠶᠢᠯᠠᠯ 179 | ᠪᠠᠶᠢᠵᠤ᠂ ᠠᠵᠤ ᠠᠬᠤᠶᠢᠯᠠᠯ ᠤᠨ ᠲᠤᠭ᠎ᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ 3 ᠨᠡᠮᠡᠭᠳᠡᠨ᠂ ᠳᠡᠭᠡᠷ᠎ᠡ | ᠵᠢᠯ ᠤᠨ ᠬᠢ ᠠᠴᠠ ᠪᠠᠨ 32 ᠨᠡᠮᠡᠭᠳᠡᠵᠡᠢ᠃ ᠡᠭᠦᠨ ᠳᠤ ᠪᠦᠭᠦ ᠵᠢᠯ ᠤᠨ ᠡᠵᠡᠩᠨᠡᠯᠲᠡ ᠶᠢᠨ ᠣᠷᠣᠯᠭ᠎ᠠ ᠨᠢ | ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 34 ᠪᠠᠶᠢᠵᠤ᠂ ᠶᠡᠷᠦᠩᠬᠡᠢ ᠲᠣᠭᠠᠨ ᠤ 19% ᠶᠢ | ᠡᠵᠡᠯᠡᠪᠡ᠃ ᠬᠡᠪᠴᠢᠶᠡᠵᠢᠯ ᠠᠴᠠ ᠳᠡᠭᠡᠭᠰᠢᠬᠢ ᠰᠣᠶᠣᠯ ᠤᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠬᠡᠪᠴᠢᠶ᠎ᠡ | ᠲᠠᠰᠤᠷᠠᠯᠲᠠ ᠦᠭᠡᠢ ᠥᠷᠭᠡᠳᠤᠨ ᠪᠦᠭᠦ ᠵᠢᠯ ᠳᠤ ᠠᠰᠢᠭ ᠣᠯᠵᠠᠪᠤᠷᠢ ᠣᠯᠣᠭᠰᠠᠨ ᠠᠵᠤ ᠠᠬᠤᠶᠢᠯᠠᠯ 125 ᠪᠠᠶᠢᠵᠤ᠂ | ᠪᠦᠭᠦ ᠠᠵᠤ ᠠᠬᠤᠶᠢᠯᠠᠯ ᠤᠨ 69.8% ᠶᠢ ᠡᠵᠡᠯᠡᠵᠡᠢ᠃ ᠰᠣᠶᠣᠯ ᠤᠨ ᠰᠢᠨ᠎ᠡ ᠡᠵᠡᠩᠨᠡᠯᠲᠡ ᠶᠢᠨ ᠭᠡᠯᠪᠡᠷᠢ | ᠪᠠᠶᠢᠳᠠᠯ ᠤᠨ ᠣᠨᠴᠠᠯᠢᠭ ᠢᠶᠠᠷ ᠨᠡᠯᠢᠶᠡᠳ ᠢᠯᠡᠷᠬᠡᠢ 16 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ 9 | ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ ᠬᠢ ᠠᠴᠠ 47.9% ᠪᠠᠷ ᠨᠡᠮᠡᠭᠳᠡᠪᠡ᠃ ᠰᠦᠯᠵᠢᠶᠡᠨ ᠤ | ᠰᠢᠭᠤᠳ ᠨᠡᠪᠲᠡᠷᠡᠭᠦᠯᠭᠡ᠂ ᠢᠨᠲ᠋ᠧᠷ ᠰᠦᠯᠵᠢᠶᠡᠨ ᠤ ᠵᠠᠷ ᠮᠡᠳᠡᠭᠡ ᠵᠡᠷᠭᠡ ᠠᠵᠢᠯ ᠲᠥᠷᠥᠯ ᠲᠦᠷᠭᠡᠨ ᠬᠥᠭᠵᠢᠵᠦ᠂ | ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ | ᠰᠣᠶᠣᠯ ᠤᠨ ᠦᠢᠯᠡᠴᠢᠯᠡᠭᠡᠨ ᠤ ᠦᠢᠯᠡᠰ ᠤᠨ ᠬᠥᠲᠥᠯᠥᠨ ᠳᠠᠭᠠᠭᠤᠯᠬᠤ ᠦᠢᠯᠡᠳᠦᠯ ᠲᠣᠪᠤᠶᠢᠮ᠎ᠠ ᠪᠣᠯᠵᠤ᠂ 2024 | ᠣᠨ ᠳᠤ ᠪᠦᠭᠦ ᠣᠷᠣᠨ ᠤ ᠰᠣᠶᠣᠯ ᠤᠨ ᠦᠢᠯᠡᠴᠢᠯᠡᠭᠡᠨ ᠤ ᠦᠢᠯᠡᠰ 70.4 ᠳ᠋ᠦᠩᠰᠢᠭᠤᠷ ᠲᠥᠭᠦᠷᠢᠭ ᠤᠨ | ᠡᠵᠡᠩᠨᠡᠯᠲᠡ ᠶᠢᠨ ᠣᠷᠣᠯᠭ᠎ᠠ ᠣᠯᠵᠤ᠂ ᠳᠡᠭᠡᠷ᠎ᠡ ᠵᠢᠯ ᠤᠨ ᠬᠢ ᠠᠴᠠ ᠪᠠᠨ 1.2% ᠢᠶᠠᠷ ᠨᠡᠮᠡᠭᠳᠡᠨ᠂ | ᠬᠡᠪᠴᠢᠶᠡᠵᠢᠯ ᠠᠴᠠ ᠳᠡᠭᠡᠭᠰᠢᠬᠢ ᠪᠦᠭᠦ ᠰᠣᠶᠣᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ | 49.9% ᠶᠢ ᠡᠵᠡᠯᠡᠨ᠂ ᠳᠡᠭᠡᠷ᠎ᠡ ᠵᠢᠯ ᠤᠨ ᠬᠢ ᠠᠴᠠ ᠪᠠᠨ ᠵᠠᠭᠤᠨ ᠤ ᠬᠠᠷᠢᠴᠠᠯ ᠢᠶᠠᠷ 1.9 ᠬᠤᠪᠢ ᠨᠡᠮᠡᠭᠳᠡᠵᠡᠢ᠃ |