2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ 2025 ᠣᠨ ᠤ ᠥᠪᠥᠷ | ᠮᠣᠩᠭᠤᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢ | ᠲᠣᠭᠲᠠᠭᠠᠪᠠ᠃ | ᠰᠠᠭᠤᠷᠢ ᠰᠤᠷᠭᠠᠨ ᠬᠥᠮᠦᠵᠢᠯ ᠤᠨ ᠲᠠᠯ᠎ᠠ ᠪᠠᠷ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠥᠭᠡᠷᠡᠴᠢᠯᠡᠯᠲᠡ ᠶᠢ ᠲᠣᠭᠲᠠᠭᠤᠨ ᠢᠶᠠᠷ | ᠶᠠᠪᠤᠭᠳᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ 18 ᠬᠤᠰᠢᠭᠤ ᠰᠢᠶᠠᠨ ︵ᠬᠤᠲᠠ᠂ ᠲᠣᠭᠤᠷᠢᠭ︶ ᠢ | ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ | ᠬᠦᠷᠲᠡᠭᠡᠬᠦ ᠰᠢᠶᠠᠨ ᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠳᠤ ᠪᠠᠲᠤᠯᠠᠭᠤᠯᠬᠤ ᠪᠠ 17 ᠬᠤᠰᠢᠭᠤ ᠰᠢᠶᠠᠨ | ︵ᠬᠤᠲᠠ᠂ ᠲᠣᠭᠤᠷᠢᠭ︶ ᠢ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠳᠤ | ᠪᠠᠲᠤᠯᠠᠭᠤᠯᠬᠤ ᠪᠠᠷ ᠴᠢᠷᠮᠠᠶᠢᠵᠤ ᠪᠠᠷᠠᠭᠤᠨ ᠣᠷᠣᠨ ᠤ ᠮᠤᠵᠢ ᠣᠷᠣᠨ ᠤ ᠡᠮᠦᠨ᠎ᠡ ᠡᠩᠨᠡᠭᠡᠨ ᠳᠤ ᠣᠷᠣᠨ᠎ᠠ᠃ | ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠷᠢᠮᠵᠢᠶ᠎ᠠ ᠳᠤ ᠬᠦᠷᠬᠦ ᠨᠣᠷᠮ᠎ᠠ ᠶᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠲᠠᠯ᠎ᠠ ᠪᠠᠷ᠂ ᠵᠢᠩᠬᠢᠨᠢ ᠠᠩᠭᠢ ᠶᠢᠨ ᠶᠡᠭᠡ ᠳᠡᠭᠡᠳᠦ | ᠰᠤᠷᠭᠠᠭᠤᠯᠢ ᠶᠢᠨ ᠳᠡᠰ ᠳᠠᠪᠰᠢᠬᠤ ᠶᠢ ᠰᠢᠨ᠎ᠡ ᠠᠬᠢᠴᠠ ᠲᠠᠢ ᠪᠣᠯᠭᠠᠨ᠂ ᠲᠡᠷᠢᠭᠦᠨ ᠳᠡᠰ ᠤᠨ ᠬᠢᠴᠢᠶᠡᠯ | ᠰᠢᠨᠵᠢᠯᠡᠭᠡᠨ ᠤ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠤᠭᠤᠯᠤᠨᠠ᠂ ᠤᠯᠤᠰ ᠤᠨ ᠳᠡᠰ ᠤᠨ | ᠴᠢᠳᠠᠪᠤᠷᠢᠲᠠᠨ ᠢ ᠬᠥᠮᠥᠵᠢᠭᠦᠯᠬᠦ᠂ ᠤᠯᠤᠰ ᠤᠨ ᠳᠡᠰ ᠤᠨ ᠡᠷᠳᠡᠮ ᠰᠢᠨᠵᠢᠯᠡᠭᠡᠨ ᠤ ᠲᠠᠪᠴᠠᠩ ᠪᠠᠶᠢᠭᠤᠯᠬᠤ᠂ | ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠬᠥᠬᠢᠭᠦᠯᠦᠯ ᠳᠤ ᠰᠢᠨ᠎ᠡ | ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠤᠯᠤᠰ ᠤᠨ ᠪᠠᠶᠢᠯᠳᠤᠬᠤ ᠪᠣᠳᠣᠯᠭ᠎ᠠ ᠳᠤ ᠶᠡᠭᠡ ᠳᠡᠭᠡᠳᠦ | ᠰᠤᠷᠭᠠᠭᠤᠯᠢ ᠶᠢᠨ ᠦᠢᠯᠡᠴᠢᠯᠡᠬᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠤᠨ ᠰᠢᠪᠲᠤᠯᠤᠯᠲᠠ ᠶᠢᠨ | ᠢᠨᠵᠧᠨᠧᠷᠢᠩ ᠳᠤ ᠶᠡᠭᠡ ᠳᠡᠭᠡᠳᠦ ᠰᠤᠷᠭᠠᠭᠤᠯᠢ ᠶᠢᠨ ᠦᠢᠯᠡᠴᠢᠯᠡᠬᠦ ᠬᠤᠪᠢ ᠨᠡᠮᠡᠷᠢ ᠭᠠᠷᠭᠠᠬᠤ ᠬᠡᠮᠵᠢᠶ᠎ᠡ ᠶᠢ ᠨᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ ᠳ᠋ᠣᠺᠲ᠋ᠣᠷ ᠠᠰᠫᠢᠷᠠᠨᠲ ᠬᠥᠮᠦᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠵᠦ᠂ ᠪᠠᠶᠢᠭᠠᠯᠢ ᠲᠧᠭᠨᠢᠭ ᠤᠨ ᠤᠬᠠᠭᠠᠨ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠵᠢᠩᠬᠢᠨᠢ | ᠠᠩᠭᠢ ᠶᠢᠨ ᠲᠤᠰᠬᠠᠶ ᠮᠡᠷᠭᠡᠵᠢᠯ ᠪᠣᠯᠤᠨ ᠰᠤᠷᠤᠭᠴᠢ ᠶᠢᠨ ᠡᠵᠡᠯᠡᠬᠦ ᠬᠠᠷᠢᠴᠠᠯ ᠢ 50% ᠠᠴᠠ ᠳᠡᠭᠡᠭᠰᠢ ᠳᠤ | ᠬᠦᠷᠭᠡᠵᠦ᠂ ᠲᠤᠰᠬᠠᠶ ᠬᠢᠴᠢᠶᠡᠯᠯᠡᠬᠦ ᠪᠠᠭᠰᠢ ᠨᠠᠷ ᠠᠴᠠ ᠳ᠋ᠣᠺᠲ᠋ᠣᠷ ᠤᠨ ᠨᠠᠮᠲᠠᠷ ᠲᠠᠢ ᠪᠠᠭᠰᠢ ᠶᠢᠨ ᠡᠵᠡᠯᠡᠬᠦ ᠬᠠᠷᠢᠴᠠᠯ ᠢ | 1.5 ᠵᠠᠭᠤᠨ ᠤ ᠴᠡᠭ ᠳᠡᠭᠡᠭᠰᠢᠯᠡᠭᠦᠯᠦᠨ᠎ᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ | ᠳᠡᠭᠡᠳᠦ ᠰᠤᠷᠭᠠᠭᠤᠯᠢ ᠳᠤ ᠬᠤᠭᠤᠰᠤᠨ ᠢ ᠨᠦᠬᠦᠪᠦᠷᠢᠯᠡᠬᠦ ᠪᠠᠨ ᠪᠡᠶᠡᠯᠡᠭᠦᠯᠦᠨ᠎ᠡ᠃ ᠬᠤᠲᠠ ᠶᠢᠨ ᠬᠡᠪᠴᠢᠶᠡᠨ ᠳᠠᠬᠢ | ᠦᠢᠯᠡᠳᠪᠦᠷᠢᠯᠡᠯ ᠰᠤᠷᠭᠠᠨ ᠬᠥᠮᠦᠵᠢᠯ ᠤᠨ 6 ᠬᠤᠯᠪᠣᠭᠠᠲᠤ ᠴᠣᠭᠴᠠ ᠪᠠ ᠠᠵᠢᠯ ᠲᠥᠷᠥᠯ ᠤᠨ ᠦᠢᠯᠡᠳᠪᠦᠷᠢᠯᠡᠯ | ᠰᠤᠷᠭᠠᠨ ᠬᠥᠮᠦᠵᠢᠯ ᠤᠨ ᠠᠭᠤᠰᠤᠯᠴᠠᠯ ᠤᠨ 11 ᠬᠠᠮᠲᠤ ᠶᠢᠨ ᠴᠣᠭᠴᠠ ᠶᠢ ᠴᠢᠨᠠᠷ ᠰᠠᠶᠢᠲᠠᠶ ᠪᠠᠶᠢᠭᠤᠯᠵᠤ᠂ ᠳᠡᠭᠡᠳᠦ | ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠤᠨ ᠲᠤᠰᠬᠠᠶ ᠮᠡᠷᠭᠡᠵᠢᠯ ᠬᠢᠭᠡᠳ ᠣᠷᠣᠨ ᠪᠦᠰᠡ ᠶᠢᠨ ᠠᠵᠤ | ᠦᠢᠯᠡᠰ ᠤᠨ ᠵᠣᠬᠢᠴᠠᠯᠳᠤᠬᠤ ᠬᠡᠮᠵᠢᠶ᠎ᠡ ᠶᠢ 80% ᠪᠣᠯᠲᠠᠯ᠎ᠠ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠶᠢᠨ ︽ᠬᠤᠤᠰ ᠬᠢᠷᠢ ᠬᠡᠮ ᠲᠠᠢ ᠪᠠᠭᠰᠢ ᠶᠢᠨ | ᠬᠡᠯᠪᠡᠷᠢ︾ ᠪᠦᠬᠦᠢ ᠪᠠᠭᠰᠢ ᠨᠠᠷ ᠤᠨ ᠡᠵᠡᠯᠡᠬᠦ ᠬᠠᠷᠢᠴᠠᠯ ᠢ 70% ᠳᠤ ᠬᠦᠷᠭᠡᠵᠦ᠂ ᠵᠠᠬᠢᠶᠠᠯᠠᠭ᠎ᠠ ᠶᠢᠨ ᠬᠡᠯᠪᠡᠷᠢ ᠪᠠᠷ | ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠶᠢ 3.2 ᠲᠦᠮᠡᠨ ᠬᠥᠮᠦᠨ ᠪᠣᠯᠲᠠᠯ᠎ᠠ ᠥᠷᠭᠡᠳᠬᠡᠨ᠎ᠡ᠃ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠣᠷᠣᠭᠴᠢ ᠡᠯᠰᠡᠬᠦ | ᠴᠢᠳᠠᠪᠤᠷᠢᠲᠠᠨ ᠬᠥᠮᠦᠵᠢᠭᠦᠯᠬᠦ ᠠᠵᠢᠯ ᠣᠯᠭᠤᠬᠤ ᠶᠢ ᠨᠢᠭᠡ ᠴᠣᠭᠴᠠᠵᠢᠭᠤᠯᠵᠤ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠴᠢᠳᠠᠪᠤᠷᠢᠲᠠᠨ ᠬᠥᠮᠦᠵᠢᠭᠦᠯᠬᠦ ᠴᠢᠨᠠᠷ ᠪᠠ ᠠᠵᠢᠯ ᠣᠯᠬᠤ | ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠬᠤᠷᠠᠯ ᠠᠴᠠ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠢᠶᠠᠷ | ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠰᠤᠷᠭᠠᠨ | ᠬᠥᠮᠦᠵᠢᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠤᠷᠭᠠᠨ ᠬᠦᠮᠦᠵᠢᠯ ᠢᠶᠠᠷ ᠤᠯᠤᠰ ᠤᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠦᠢᠯᠡᠴᠢᠯᠡᠵᠦ ᠬᠤᠪᠢ ᠨᠡᠮᠡᠷᠢ ᠦᠵᠡᠭᠦᠯᠬᠦ ᠬᠡᠮᠵᠢᠶ᠎ᠡ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ |