115 ᠳ᠋ᠤᠭᠠᠷ《 3·8 》 ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠤᠨ ᠡᠳᠣᠷ ᠲᠤ᠂ ᠡᠬᠡᠯ ᠵᠢᠷ | ᠤᠨ ᠪᠥᠭᠡᠳ ᠠᠭᠤᠤ ᠶᠡᠭᠡ ᠡᠮᠡᠭᠲᠡᠶᠢᠴᠦᠳ ᠲᠤ ᠬᠦᠨᠳᠦᠳᠬᠡᠯ ᠳᠡᠪᠰᠢᠭᠦᠯᠬᠦ ᠶᠢᠨ ᠲᠥᠯᠥᠭᠡ᠂ ᠬᠤᠰᠢᠭᠤ ᠠᠵᠢᠯᠴᠢᠨ | ᠤ ᠶᠡᠷᠦᠩᠬᠡᠶ ᠡᠪᠯᠡᠯ ᠠᠴᠠ ᠬᠤᠰᠢᠭᠤᠨ ᠤ ᠡᠯ᠎ᠡ ᠠᠵᠢᠯ ᠲᠥᠷᠥᠯ ᠤᠨ ᠡᠮᠡᠭᠲᠡᠶᠢᠴᠦᠳ ᠤᠨ ᠲᠡᠷᠢᠭᠦᠨ ᠤ ᠨᠡᠶᠢᠲᠡᠯᠢᠭ | ᠵᠢᠱᠢᠶᠡᠴᠢ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ | ᠰᠡᠳᠬᠢᠯ ᠤᠨ ᠬᠠᠯᠠᠮᠵᠢᠯᠠᠯ ᠳᠡᠪᠰᠢᠭᠦᠯᠪᠡ ᠃ | ᠬᠤᠰᠢᠭᠤ ᠠᠵᠢᠯᠴᠢᠨ ᠤ ᠶᠡᠷᠦᠩᠬᠡᠶ ᠡᠪᠯᠡᠯ ᠠᠴᠠ ᠡᠮ ᠡᠮᠨᠡᠯᠭᠡ᠂ ᠰᠤᠷᠭᠠᠨ ᠬᠥᠮᠦᠵᠢᠯ᠂ ᠳᠣᠲᠣᠭᠠᠳᠤ ᠶᠢ | ᠬᠠᠮᠠᠭᠠᠯᠠᠬᠤ᠂ ᠠᠵᠤ ᠠᠬᠤᠢᠯᠠᠯ ᠵᠡᠷᠭᠡ ᠣᠯᠠᠨ ᠬᠦᠷᠢᠶᠡᠨ ᠤ ᠡᠮᠡᠭᠲᠡᠶ ᠲᠥᠯᠥᠭᠡᠯᠡᠭᠴᠢ ᠶᠢ ᠪᠤᠯᠭᠤᠭᠠᠨ | ᠲᠤᠬᠤᠨᠢᠭᠤᠯᠪᠠ᠃ ᠲᠡᠲᠡᠡ ᠤ ᠳᠣᠲᠣᠷ᠎ᠠ ᠰᠤᠷᠭᠠᠨ ᠬᠥᠮᠦᠵᠢᠯ ᠤᠨ ᠡᠮᠦᠨ᠎ᠡ ᠹᠷᠣᠨᠲ ᠲᠤ ᠭᠠᠪᠰᠢᠭᠠᠶᠢᠯᠠᠵᠤ ᠪᠠᠶᠢᠭ᠎ᠠ | ᠪᠠᠭᠰᠢ᠂ ᠠᠶᠢᠮᠠᠭ ᠤᠨ ᠲᠡᠰ ᠤᠨ ᠬᠥᠳᠡᠯᠮᠦᠷᠢ ᠶᠢᠨ ᠵᠢᠱᠢᠶᠡᠴᠢ ᠭᠦᠸᠧ ᠬᠠᠢ ᠴᠢᠩ᠂ ᠣᠯᠠᠨ ᠲᠦᠮᠡᠨ ᠤ ᠡᠷᠡᠭᠦᠯ | ᠮᠡᠨᠳᠦ ᠶᠢ ᠬᠠᠮᠠᠭᠠᠯᠠᠵᠤ ᠪᠠᠶᠢᠭ᠎ᠠ ᠡᠮᠴᠢ ᠬᠡᠬᠡᠨᠲᠤᠶᠠᠭᠠ᠂ ᠪᠦᠭᠴᠢᠮ ᠬᠠᠯᠠᠭᠤᠨ ᠬᠠᠬᠢᠷ ᠬᠦᠢᠲᠡᠨ ᠠᠴᠠ ᠠᠶᠤᠬᠤ | ᠦᠭᠡᠢ᠂ ᠰᠢᠷᠭᠠᠭᠤ ᠬᠦᠳᠡᠯᠮᠦᠷᠢᠯᠡᠵᠦ ᠪᠠᠶᠢᠭ᠎ᠠ ᠣᠷᠴᠢᠨ ᠲᠤᠭᠤᠷᠢᠨ ᠤ ᠠᠵᠢᠯᠴᠢᠨ ᠪᠤᠤ ᠬᠤᠸᠠ᠂ ᠾᠧᠦ ᠱᠤ᠋ ᡁᠢ | ᠵᠡᠷᠭᠡ ᠪᠤᠢ᠃ | ᠬᠦᠷᠦᠭᠰᠡᠨ ᠭᠠᠵᠠᠷ ᠪᠣᠯᠭᠠᠨ ᠳᠤ ᠪᠤᠯᠭᠤᠭᠠᠨ ᠲᠣᠬᠤᠨᠢᠭᠤᠯᠬᠤ ᠳᠤᠭᠤᠶᠢᠯᠠᠩ ᠤᠨ ᠬᠢᠨ ᠲᠡᠳᠡᠨ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ | ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠᠨ | ᠢᠯᠡᠳᠭᠡᠬᠦ ᠶᠢᠨ ᠬᠠᠮᠲᠦ ᠰᠣᠷᠭᠤᠭ ᠴᠡᠴᠡᠭ ᠪᠣᠯᠤᠨ ᠲᠤᠬᠤᠨᠢᠭᠤᠯᠭ᠎ᠠ ᠶᠢᠨ ᠪᠣᠳᠠᠰ ᠬᠦᠷᠭᠡᠵᠦ᠂ ᠲᠡᠳᠡᠨ ᠢ | ᠳᠠᠭᠤᠷᠢᠶᠠᠯ ᠤᠨ ᠬᠦᠴᠦᠨ ᠢᠶᠠᠨ ᠦᠷᠭᠦᠯᠵᠢᠯᠡᠨ ᠪᠠᠳᠠᠷᠠᠭᠤᠯᠤᠭᠠᠷᠠᠢ ᠭᠡᠵᠦ ᠵᠣᠷᠢᠭᠵᠢᠭᠤᠯᠪᠠ ᠃ | ᠲᠤᠰ ᠣᠳᠠᠭᠠᠨ ᠤ ᠠᠵᠢᠯᠯᠠᠭ᠎ᠠ ᠨᠢ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ | ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠥᠷᠭᠡᠨ ᠤᠯᠠᠨ ᠡᠮᠡᠭᠲᠡᠶᠢᠴᠦᠳ ᠢᠠᠵᠢᠯ ᠤᠨ | ᠪᠠᠶᠢᠷᠢ ᠳᠠᠭᠠᠨ ᠰᠠᠭᠤᠷᠢᠯᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠵᠤᠷᠢᠭᠵᠢᠭᠤᠯᠵᠠᠢ ᠃ |