3 ᠰᠠᠷ᠎ᠠ ᠶᠢᠨ 10 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠮᠠᠨ ᠤ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ ᠃ | ᠬᠤᠷᠠᠯ ᠳᠤ ᠣᠷᠣᠯᠴᠠᠬᠤ ᠶᠣᠰᠣᠲᠠᠶ 31 ᠬᠥᠮᠦᠨ᠂ ᠪᠣᠳᠠᠲᠠᠶ ᠣᠷᠣᠯᠴᠠᠭᠰᠠᠨ ᠨᠢ 29 ᠬᠥᠮᠦᠨ᠂ ᠬᠠᠤᠯᠢ | ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠢᠶᠠᠩᠰᠦ ᠮᠤᠵᠢ | ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠪᠠᠰᠠ ᠬᠠᠮᠢᠶ᠎ᠠ ᠪᠥᠬᠦᠶ ᠠᠵᠢᠯᠲᠠᠨ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ | ᠵᠥᠪᠯᠡᠯᠭᠡ ᠶᠢ ᠪᠠᠲᠤᠯᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ ᠶᠢ ᠰᠣᠨᠣᠰᠴᠤ ᠬᠢᠨᠠᠨ ᠵᠥᠪᠯᠡᠪᠡ ᠃ | ᠪᠠᠭᠠᠲᠤᠷ ᠴᠢᠬᠤᠯᠠᠴᠢᠯᠠᠬᠤ ᠳᠠᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯ ᠬᠥᠭ ᠠᠶᠠᠰ ᠪᠣᠯ 《 ᠨᠠᠶᠢᠳᠠᠪᠤᠷᠢᠵᠢᠭᠤᠯᠤᠯᠲᠠ | ᠶᠢ ᠶᠡᠬᠡᠪᠡᠷ ᠠᠳᠬᠤᠬᠤ 》 ᠶᠠᠪᠤᠳᠠᠯ ᠪᠣᠯᠤᠨ᠎ᠠ᠃ ᠭᠤᠣᠯᠳᠠᠯᠭ᠎ᠠ ᠶᠢ ᠲᠣᠳᠣᠷᠬᠠᠢ ᠪᠣᠯᠭᠠᠵᠤ᠂ 《 ᠲᠣᠭᠲᠠᠭᠠᠭᠰᠠᠨ | ᠬᠥᠳᠡᠯᠭᠡᠭᠡᠨ ᠢ ᠥᠭᠡᠷᠡᠲᠦᠭᠦᠯᠬᠦ ᠦᠭᠡᠢ᠂ ᠥᠪᠡᠰᠦᠪᠡᠨ ᠰᠣᠩᠭᠤᠭᠰᠠᠨ ᠠᠵᠢᠯᠯᠠᠭ᠎ᠠ ᠶᠢ ᠣᠨᠴᠠᠯᠢᠭ ᠲᠠᠢ | ᠪᠠᠶᠢᠯᠭᠠᠬᠤ 》 ᠠᠵᠢᠯ ᠤᠨ ᠰᠡᠳᠬᠢᠮᠵᠢ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ | ᠢ ᠤᠯᠠᠮ ᠨᠢᠭᠡ ᠠᠯᠬᠤᠮ ᠪᠣᠳᠠᠲᠠᠢ᠂ ᠭᠦᠨᠵᠡᠭᠡᠢ᠂ ᠨᠠᠷᠢᠯᠢᠭ ᠬᠢᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ 《 | ᠬᠤᠶᠠᠷ ᠬᠠᠷᠢᠯᠴᠠᠬᠤ 》 ᠶᠢ ᠭᠦᠨᠵᠡᠭᠡᠶᠢᠷᠡᠭᠦᠯᠦᠨ ᠥᠷᠭᠡᠳᠬᠡᠵᠦ᠂ 《 ᠬᠤᠶᠠᠷ ᠢ ᠠᠬᠢᠭᠤᠯᠬᠤ 》ᠠᠵᠢᠯ ᠢ | ᠰᠠᠶᠢᠲᠤᠷ ᠪᠣᠳᠠᠲᠠᠢ ᠬᠢᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠢᠵᠢᠷᠠᠯ ᠤᠨ | ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ ᠃《 ᠲᠦᠷᠪᠡᠨ ᠪᠠᠶᠢᠭᠤᠯᠭ᠎ᠠ 》 ᠶᠢᠨ ᠪᠠᠶᠢᠷᠢ | ᠲᠣᠭᠲᠠᠭᠠᠯᠲᠠ ᠶᠢ ᠲᠣᠭᠲᠠᠭᠠᠵᠤ᠂ ᠡᠯ᠎ᠡ ᠵᠦᠢᠯ ᠤᠨ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠠᠷᠢᠭᠤᠯᠲᠠ ᠶᠢᠨ ᠬᠠᠭᠤᠳᠠᠰᠤ ᠶᠢ ᠢᠮᠠᠭᠲᠠ | ᠰᠠᠶᠢᠲᠤᠷ ᠪᠢᠴᠢᠭᠯᠡᠬᠦ ᠬᠡᠷᠡᠭᠲᠡᠢ ᠭᠡᠵᠡᠢ᠃ |