3 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ | ᠣᠷᠣᠯᠴᠠᠭᠰᠠᠨ ᠮᠠᠨ ᠤ ᠬᠤᠰᠢᠭᠤᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠡᠳ ᠨᠤᠲᠤᠭ ᠲᠠᠭᠠᠨ ᠪᠤᠴᠠᠵᠤ ᠢᠷᠡᠪᠡ ᠃ | ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤ ᠳᠠᠷᠤᠭ᠎ᠠ ᠴᠠᠩ ᠱᠧᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ | ᠪᠠᠲᠤᠮᠥ᠋ᠩᠬᠡ ᠵᠡᠷᠭᠡ ᠬᠤᠰᠢᠭᠤᠨ ᠤ ᠤᠳᠤᠷᠢᠳᠤᠯᠭ᠎ᠠ ᠡᠷᠳᠡᠨᠢᠳᠠᠯᠠᠢ ᠶᠢ ᠬᠠᠯᠠᠭᠤᠨ ᠢᠶᠠᠷ ᠣᠭᠳᠣᠬᠤ ᠶᠢᠨ ᠬᠠᠮᠲᠦ | ᠰᠠᠭᠤᠳᠠᠯ ᠤᠨ ᠬᠤᠷᠠᠯ ᠬᠤᠷᠠᠯᠳᠣᠭᠤᠯᠪᠠ᠃ | ᠰᠠᠭᠤᠳᠠᠯ ᠤᠨ ᠬᠤᠷᠠᠯ ᠳᠤ᠂ ᠡᠷᠳᠡᠨᠢᠳᠠᠯᠠᠢ ᠪᠦᠬᠦ ᠤᠯᠤᠰ ᠤᠨ ᠬᠤᠶᠠᠷ ᠬᠤᠷᠠᠯ ᠤᠨ ᠦᠪᠡᠳᠡᠭᠰᠢ ᠪᠠᠶᠢᠳᠠᠯ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠪᠣᠯᠤᠨ ᠦᠨᠡᠨ ᠪᠣᠳᠠᠲᠠᠢ ᠲᠦᠷᠦᠭᠳᠡᠯ ᠢᠶᠠᠨ | ᠲᠠᠨᠢᠯᠴᠠᠭᠤᠯᠪᠠ᠃ ᠬᠤᠷᠠᠯ ᠤᠨᠬᠤᠭᠤᠴᠠᠭᠠᠨ ᠳᠤ᠂ ᠡᠷᠳᠡᠨᠢᠳᠠᠯᠠᠢ ᠳᠡᠭᠡᠳᠦ ᠬᠡᠮᠵᠢᠶᠡᠨ ᠤ ᠤᠯᠤᠰ ᠲᠦᠷᠦ ᠶᠢᠨ | ᠤᠬᠠᠮᠰᠠᠷ ᠪᠠ ᠬᠡᠬᠦᠳᠡᠭ ᠳᠦᠭᠦᠷᠡᠩ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠮᠡᠳᠡᠭᠦᠯᠦᠯᠲᠡ | ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠬᠢᠯᠢ ᠶᠢᠨ ᠮᠠᠯᠵᠢᠬᠤ ᠣᠷᠣᠨ ᠤ ᠲᠤᠮᠤ ᠬᠡᠯᠪᠡᠷᠢ ᠶᠢᠨ ᠠᠮᠢᠳᠤᠷᠠᠯ | ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠯᠲᠡ ᠶᠢ ᠰᠠᠶᠢᠵᠢᠷᠠᠭᠤᠯᠬᠤ ᠪᠠ ᠦᠬᠡᠷ᠂ | ᠬᠤᠨᠢᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠢ ᠲᠦᠷᠦ ᠶᠢᠨ ᠪᠤᠳᠤᠯᠭ᠎ᠠ ᠶᠢᠨ ᠴᠢᠨᠠᠷᠲᠠᠢ | ᠲᠠᠷᠢᠶᠠᠯᠠᠩ ᠤᠨ ᠳᠠᠭᠠᠳᠬᠠᠯ ᠳᠤ ᠣᠷᠣᠭᠤᠯᠬᠤ ᠲᠤᠬᠠᠢ ᠠᠯᠢ ᠤᠯᠠᠨ ᠪᠣᠳᠠᠲᠠᠢ ᠰᠠᠨᠠᠭᠤᠯᠭ᠎ᠠ ᠳᠤᠷᠠᠳᠴᠤ᠂ ᠰᠢᠨ᠎ᠡ | ᠴᠠᠭ ᠦᠶ᠎ᠡ ᠶᠢᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠶᠢᠨ ᠪᠣᠳᠠᠲᠠᠢ ᠠᠵᠢᠯᠯᠠᠬᠤ ᠴᠤᠭ ᠵᠢᠪᠬᠤᠭ᠎ᠠ ᠶᠢ ᠢᠯᠡᠷᠡᠭᠦᠯᠪᠡ ᠃ | ᠵᠧᠦ ᠢᠦᠢ ᠯᠦᠩ ᠶᠠᠷᠢᠶᠠᠨ ᠳᠠᠭᠠᠨ᠂ ᠡᠷᠳᠡᠨᠢᠳᠠᠯᠠᠢ ᠲᠥᠯᠥᠭᠡᠯᠡᠭᠴᠢᠠᠷᠠᠳ ᠲᠦᠮᠡᠨ ᠤ ᠲᠥᠯᠥᠭᠡ ᠭᠡᠬᠦ | ᠵᠣᠷᠢᠯᠲᠠ ᠪᠠᠨ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠮᠠᠨ ᠤ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠪᠣᠯᠤᠨ ᠠᠷᠠᠳ ᠤᠯᠠᠨ ᠤ ᠬᠦᠰᠡᠯ ᠡᠷᠡᠮᠡᠯᠵᠡᠯ ᠳᠤ ᠠᠩᠬᠠᠷᠤᠯ | ᠢᠶᠠᠨ ᠲᠥᠪᠯᠡᠷᠡᠭᠦᠯᠦᠨ᠂ ᠠᠷᠠᠳ ᠲᠦᠮᠡᠨ ᠤ ᠲᠥᠯᠥᠭᠡ ᠰᠠᠨᠠᠯ ᠰᠠᠨᠠᠭᠤᠯᠭ᠎ᠠ ᠳᠤᠷᠠᠳᠬᠤ ᠬᠠᠷᠢᠭᠤᠴᠠᠯᠭ᠎ᠠ ᠡᠭᠦᠷᠭᠡᠯᠡᠯ | ᠢ ᠭᠦᠢᠴᠡᠳ ᠢᠯᠡᠷᠡᠭᠦᠯᠵᠠᠢ᠃ ᠡᠷᠳᠡᠨᠢᠳᠠᠯᠠᠢ ᠲᠥᠯᠥᠭᠡᠯᠡᠭᠴᠢ ᠠᠴᠠ ᠵᠢᠱᠢᠶ᠎ᠡ ᠦᠵᠡᠭᠦᠯᠦᠨ ᠳᠠᠭᠠᠭᠤᠯᠬᠤ ᠦᠶᠯᠡᠳᠦᠯ | ᠢᠶᠠᠨ ᠦᠷᠬᠦᠯᠵᠢᠯᠡᠨ ᠪᠠᠳᠠᠷᠠᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠤᠬᠠᠭᠤᠯᠤᠨ᠂ ᠪᠥᠬᠦ ᠤᠯᠤᠰ ᠤᠨ ᠬᠤᠶᠠᠷ ᠬᠤᠷᠠᠯ ᠤᠨ ᠲᠠᠭᠤᠨ ᠢ ᠦᠨᠳᠦᠰᠦᠨ ᠱᠠᠲᠤᠨ ᠳᠤ ᠳᠠᠷᠣᠶᠢᠬᠠᠨ | ᠳᠠᠮᠵᠢᠭᠤᠯᠵᠤ᠂ ᠪᠥᠬᠦ ᠬᠤᠰᠢᠭᠤᠨ ᠤ ᠺᠠᠳ᠋ᠷ ᠠᠵᠢᠯᠲᠠᠨ ᠣᠯᠠᠨ ᠲᠦᠮᠡᠨ ᠤ ᠦᠵᠡᠯ ᠰᠠᠨᠠᠭ᠎ᠠ ᠪᠣᠯᠤᠨ ᠦᠶᠯᠡ | ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠳᠤ ᠬᠦᠴᠦᠨ ᠨᠡᠮᠡᠷᠢᠯᠡᠬᠦ ᠶᠢ | ᠬᠦᠰᠡᠵᠦ ᠪᠠᠶᠢᠨ᠎ᠠ ᠭᠡᠵᠡᠢ᠃ | ᠡᠷᠳᠡᠨᠢᠳᠠᠯᠠᠢ ᠢᠯᠡᠷᠬᠡᠶᠢᠯᠡᠬᠦ ᠳᠡᠭᠡᠨ᠂ ᠠᠷᠠᠳ ᠤᠨ ᠲᠥᠯᠥᠭᠡᠯᠡᠭᠴᠢ ᠪᠣᠯ ᠨᠢᠭᠡ ᠵᠦᠶᠯ ᠤᠨ ᠢᠷᠠᠭᠤ ᠠᠯᠳᠠᠷ | ᠮᠥᠨ᠂ ᠨᠠᠩ ᠴᠤ ᠨᠢᠭᠡ ᠬᠤᠪᠢ ᠬᠠᠷᠢᠭᠤᠴᠠᠯᠭ᠎ᠠ ᠪᠠ ᠡᠭᠦᠷᠭᠡ ᠮᠥᠨ᠂ ᠬᠤᠶᠢᠰᠢᠳᠠ ᠵᠢᠱᠢᠶ᠎ᠡ ᠦᠵᠡᠭᠦᠯᠵᠦ | ᠳᠠᠭᠠᠭᠤᠯᠬᠤ ᠦᠶᠯᠡᠳᠦᠯ ᠢᠶᠠᠨ ᠦᠷᠭᠦᠯᠵᠢᠯᠡᠨ ᠭᠦᠶᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠲᠠᠢ ᠨᠠᠩ ᠨᠢᠭᠲᠠ ᠬᠠᠷᠢᠯᠴᠠᠵᠤ᠂ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠣᠶᠢᠯᠠᠭᠠᠵᠤ᠂ ᠰᠠᠶᠢᠲᠤᠷ ᠰᠤᠷᠤᠯᠴᠠᠵᠤ᠂ ᠰᠠᠶᠢᠲᠤᠷ | ᠲᠤᠭᠤᠰᠢᠯᠠᠭᠤᠯᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠨᠠᠶᠢᠳᠠᠪᠤᠷᠢᠵᠢᠭᠤᠯᠵᠤ᠂ ᠨᠤᠲᠤᠭ ᠣᠷᠣᠨ ᠤ ᠪᠠᠨ | ᠴᠡᠴᠡᠭᠯᠡᠯ ᠬᠥᠭᠵᠢᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ ᠃ |