3 ᠰᠠᠷ᠎ᠠ ᠶᠢᠨ 13 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠴᠢᠯᠡᠭᠡᠨ ᠤ ᠲᠥᠪ ᠲᠤ ᠪᠥᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠣᠵᠦ᠂ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠷᠳᠡᠨᠢᠳᠠᠯᠠᠢ ᠠᠴᠠ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ | ᠪᠠᠭᠠᠲᠤᠷ ᠬᠤᠷᠠᠯ ᠳᠤ ᠣᠷᠣᠯᠴᠠᠵᠤ ᠬᠤᠷᠠᠯ ᠢ ᠡᠷᠭᠢᠯᠡᠪᠡ᠃ | ᠡᠷᠳᠡᠨᠢᠳᠠᠯᠠᠢ ᠪᠦᠬᠦ ᠤᠯᠤᠰ ᠤᠨ ᠬᠤᠶᠠᠷ ᠬᠤᠷᠠᠯ ᠤᠨ ᠠᠴᠢ ᠬᠤᠯᠪᠣᠭᠳᠠᠯ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠵᠡᠷᠭᠡ ᠤᠯᠠᠨ ᠲᠠᠯ᠎ᠠ ᠪᠠᠷ ᠭᠦᠨᠵᠡᠭᠡᠢ ᠰᠢᠰᠲ᠋ᠧᠮ ᠲᠠᠢ ᠲᠠᠶᠢᠯᠤᠮᠵᠢ ᠬᠢᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠥᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠪᠠᠷ ᠵᠦᠭᠯᠡᠭᠦᠷ ᠪᠣᠯᠭᠠᠨ᠂ ᠠᠵᠢᠯ ᠡᠭᠦᠷᠭᠡ ᠪᠠᠨ ᠬᠤᠶᠠᠷ ᠬᠤᠷᠠᠯ ᠤᠨ ᠱᠠᠭᠠᠷᠳᠠᠯᠭ᠎ᠠ ᠲᠠᠢ ᠨᠡᠶᠢᠴᠡᠬᠦ ᠶᠢ | ᠪᠠᠲᠤᠯᠠᠵᠤ᠂ ᠪᠣᠳᠠᠲᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ | ᠬᠡᠷᠡᠭᠲᠡᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠬᠤᠰᠢᠭᠤᠴᠢ | ᠦᠢᠯᠡᠳᠦᠯ ᠢᠶᠠᠨ ᠪᠠᠳᠠᠷᠠᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠵᠤ᠂ ᠬᠤᠷᠠᠯ ᠤᠨ | ᠭᠤᠣᠯ ᠦᠵᠡᠯ ᠰᠠᠨᠠᠭ᠎ᠠ ᠪᠣᠯᠣᠨ ᠴᠢᠬᠤᠯᠠ ᠦᠵᠡᠯᠲᠡ ᠶᠢ ᠭᠦᠨᠵᠡᠭᠡᠢ ᠣᠶᠢᠯᠠᠭᠠᠵᠤ᠂ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠠᠷᠠᠳ ᠣᠯᠠᠨ ᠤ ᠰᠡᠳᠬᠢᠯ ᠳᠤ | ᠬᠠᠳᠠᠩᠰᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠤᠨ ᠲᠠᠷᠠᠭ᠎ᠠ᠂ ᠬᠤᠷᠠᠯ ᠳᠤ ᠤᠷᠤᠯᠴᠠᠭᠰᠠᠳ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ | ᠪᠠᠷ ᠳᠠᠮᠵᠢᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠡᠩ ᠭᠦᠨᠵᠡᠭᠡᠢ ᠣᠶᠢᠯᠠᠭᠠᠭᠰᠠᠨ ᠤ | ᠬᠠᠮᠲᠣ᠂ ᠬᠤᠶᠢᠰᠢᠳᠠ ᠶᠢᠨ ᠠᠵᠢᠯ ᠤᠨ ᠴᠢᠭᠯᠡᠯ ᠪᠠ ᠬᠠᠷᠠᠯᠲᠠ ᠶᠢ ᠲᠣᠳᠣᠷᠬᠠᠢ ᠵᠢᠭᠠᠨ ᠥᠭᠴᠡᠢ ᠭᠡᠵᠦ | ᠢᠯᠡᠳᠬᠡᠵᠡᠭᠡᠪᠡ᠃ |