3 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠣᠨᠣᠯ ᠤᠨ ᠰᠣᠷᠣᠯᠴᠠᠯᠭ᠎ᠠ | ᠶᠢᠨ ᠭᠤᠤᠯᠯᠠᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ | ᠪᠦᠷᠢᠯᠳᠦᠬᠦᠨ ᠬᠤᠷᠠᠯ ᠳᠤ ᠣᠷᠣᠯᠴᠠᠪᠠ ᠃ | ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠭᠤᠤᠯ ᠵᠣᠷᠢᠭ ᠰᠠᠨᠠᠭ᠎ᠠ᠂ ᠳᠤᠮᠳᠠᠳᠤ ᠤᠯᠤᠰ ᠤᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠤᠯᠤᠰ | ᠲᠥᠷᠥ ᠶᠢᠨ ᠰᠢᠶᠳᠪᠦᠷᠢ ᠶᠢ ᠤᠯᠠᠮᠵᠢᠯᠠᠨ ᠰᠤᠷᠤᠯᠴᠠᠵᠤ᠂ ᠪᠥᠬᠦ ᠤᠯᠤᠰ᠂ ᠪᠥᠬᠦ ᠣᠷᠣᠨ᠂ ᠪᠥᠬᠦ ᠠᠶᠢᠮᠠᠭ ᠤᠨ | ᠤᠬᠠᠭᠤᠯᠬᠤ ᠬᠡᠯᠲᠡᠰ ᠤᠨ ᠳᠠᠷᠤᠭ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ᠂ 《 ᠵᠢᠷᠭᠤᠭᠠᠨ ᠢᠨᠵᠧᠨᠧᠷᠢᠩ 》 ᠢ ᠨᠠᠶᠢᠳᠠᠪᠤᠷᠢᠵᠢᠭᠤᠯᠬᠤ᠂ 《 ᠵᠢᠷᠭᠤᠭᠠᠨ | ᠠᠵᠢᠯᠯᠠᠭ᠎ᠠ 》 ᠶᠢ ᠥᠷᠨᠢᠭᠦᠯᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠪᠣᠳᠠᠲᠤ ᠦᠢᠯᠡ ᠠᠵᠢᠯᠯᠠᠭ᠎ᠠ | ᠪᠠᠷ ᠢᠶᠠᠨ 《 ᠬᠤᠶᠠᠷ ᠢ ᠲᠣᠭᠲᠠᠭᠠᠬᠤ 》 ᠶᠢ ᠡᠷᠡᠰ ᠬᠦᠷᠢᠶᠡᠯᠡᠵᠦ᠂《 ᠬᠤᠶᠠᠷ ᠢ ᠬᠠᠮᠠᠭᠠᠯᠠᠬᠤ 》 ᠶᠢ ᠡᠷᠡᠰ | ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ | ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠮᠠᠷᠠᠲᠤ ᠬᠢᠯᠢ | ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠨᠡᠨ ᠪᠣᠳᠠᠲᠠᠶ ᠪᠠᠷ ᠠᠬᠢᠭᠤᠯᠵᠤ᠂ ᠭᠤᠤᠯ | ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠪᠣᠯᠪᠠᠰᠤᠨ ᠵᠡᠭᠦᠨ ᠦᠵᠦᠮᠦᠴᠢᠨ ᠤ | ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ | ᠠᠬᠢᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠬᠦᠷᠢᠶᠡᠨ ᠤ ᠠᠵᠢᠯ ᠤᠨ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ | ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠳᠠᠪᠤᠷᠢᠲᠠᠨ ᠤ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ | ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠪᠦᠬᠦ ᠤᠯᠤᠰ᠂ ᠪᠦᠬᠦ ᠣᠷᠣᠨ᠂ ᠪᠦᠬᠦ | ᠠᠶᠢᠮᠠᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ | ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠭᠤᠣᠯ ᠰᠢᠵᠢᠮ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠠᠳᠠᠨᠠᠬᠢ | ᠰᠡᠬᠡᠭᠡᠲᠡᠨ ᠪᠣᠯᠤᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠤᠨ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠮᠵᠢ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ | ᠬᠦᠴᠦᠨ ᠨᠡᠮᠡᠷᠢᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠢᠭᠡᠳᠦᠮᠡᠯ ᠹᠷᠣᠨᠲ ᠤᠨ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ |