ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ | ᠮᠠᠨ ᠤ ᠬᠤᠰᠢᠭᠤᠨ ᠤ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ | ᠪᠣᠯᠭᠠᠬᠤ ᠶᠢᠨ ᠲᠥᠯᠥᠭᠡ᠂ 3 ᠰᠠᠷ᠎ᠠ ᠶᠢᠨ 15 ᠤ ᠡᠳᠦᠷ ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠦᠵᠦᠮᠦᠴᠢᠨ ᠲᠠᠯᠠᠪᠠᠶ ᠳᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ | ᠠᠰᠢᠭ ᠤᠨ ᠡᠳᠦᠷ ᠤᠨ ᠲᠤᠬᠠᠶ ᠶᠢᠨ ᠲᠠᠯᠠᠪᠠᠶ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠠᠤᠯᠢ ᠴᠠᠭᠠᠵᠠ ᠶᠢᠨ ᠯᠠᠪᠯᠠᠯᠲᠠ ᠶᠢᠨ ᠲᠠᠪᠴᠠᠩ᠂ ᠬᠤᠳᠠᠯ | ᠬᠠᠭᠤᠷᠮᠠᠭ ᠴᠢᠨᠠᠷ ᠮᠠᠭᠤ ᠲᠠᠸᠠᠷ ᠤᠨ ᠦᠵᠡᠭᠦᠯᠭᠡ ᠶᠢᠨ ᠲᠠᠪᠴᠠᠩ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ | ᠲᠠᠪᠴᠠᠩ᠂ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠶᠢ ᠳᠡᠯᠭᠡᠨ ᠲᠠᠯᠪᠢᠬᠤ ᠵᠢᠴᠢ ᠲᠤᠬᠠᠶ ᠶᠢᠨ ᠲᠠᠯᠠᠪᠠᠶ ᠳᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠶᠡᠷᠦᠩᠬᠡᠶᠢᠯᠡᠭᠰᠡᠨ ᠤᠬᠠᠭᠤᠯᠭ᠎ᠠ | ᠥᠷᠨᠢᠭᠦᠯᠦᠭᠰᠡᠨ ᠪᠥᠭᠡᠳ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ | ᠮᠡᠳᠡᠯᠭᠡ ᠶᠢᠨ ᠲᠤᠬᠠᠢ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠲᠣᠬᠢᠷᠠᠭᠤᠯᠵᠤ᠂ ᠰᠠᠶᠢᠨ ᠰᠠᠶᠢᠬᠠᠨ | ᠤᠬᠠᠭᠤᠯᠭ᠎ᠠ ᠶᠢᠨ ᠦᠷ᠎ᠡ ᠪᠦᠲᠦᠮᠵᠢ ᠣᠯᠵᠠᠶ ᠃ | ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠬᠤᠷᠢᠶᠠᠮᠵᠢᠯᠠᠨ ᠠᠪᠤᠭᠰᠠᠨ ᠬᠠᠭᠤᠷᠮᠠᠭ ᠮᠠᠭᠤ ᠲᠠᠸᠠᠷ ᠢ ᠬᠤᠤᠷ ᠥᠬᠡᠶᠢᠳᠡᠭᠦᠯᠦᠨ ᠲᠥᠪᠯᠡᠷᠡᠭᠦᠯᠦᠨ | ᠤᠰᠠᠳᠬᠠᠵᠤ᠂ ᠬᠠᠭᠤᠷᠮᠠᠭ ᠮᠠᠭᠤ ᠲᠠᠸᠠᠷ ᠦᠶᠯᠡᠳᠦᠨ ᠪᠣᠷᠣᠯᠠᠭᠤᠯᠬᠤ ᠵᠡᠷᠭᠡ ᠬᠦᠷᠢᠶᠡᠨ ᠳᠠᠬᠢ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠯᠠᠮ ᠨᠢᠭᠡ ᠠᠯᠬᠤᠮ ᠰᠦᠷᠳᠡᠭᠦᠯᠵᠦ᠂ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠪᠠ ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ 《 ᠰᠡᠳᠬᠢᠯ ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ | ᠪᠠᠶᠢᠭᠤᠯᠬᠤ 》 ᠪᠠᠷ ᠭᠤᠤᠯ ᠰᠢᠵᠢᠮ ᠪᠣᠯᠭᠠᠭᠰᠠᠨ ᠬᠡᠷᠡᠭᠯᠡᠭᠴᠢᠳ ᠤᠨ ᠡᠷᠬᠡ ᠠᠰᠢᠭ ᠢ ᠪᠠᠲᠤᠯᠠᠬᠤ ᠬᠠᠮᠢᠶ᠎ᠠ ᠪᠥᠬᠦᠶ | ᠠᠷᠭ᠎ᠠ ᠬᠡᠮᠵᠢᠶ᠎ᠡ ᠶᠢ ᠪᠠᠶᠢᠩᠭᠤᠵᠢᠭᠤᠯᠤᠨ ᠬᠡᠷᠡᠭᠵᠢᠭᠦᠯᠵᠦ᠂ 《 ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ 》 | ᠶᠢᠨ ᠪᠣᠯᠪᠠᠰᠤᠷᠠᠯ᠂ 《ᠦᠨᠡᠨᠴᠢ ᠢᠲᠡᠭᠡᠮᠵᠢᠲᠡᠶ ᠡᠵᠡᠩᠨᠡᠯᠲᠡ 》 ᠶᠢᠨ ᠰᠠᠨᠠᠭᠠᠴᠢᠯᠠᠭ᠎ᠠ ᠶᠢᠨ ᠠᠵᠢᠯᠯᠠᠭ᠎ᠠ᠂ | ᠬᠡᠷᠡᠭᠯᠡᠭᠡᠨ ᠤ ᠡᠷᠬᠡ ᠶᠢ ᠬᠠᠮᠠᠭᠠᠯᠠᠬᠤ 《 ᠳᠥᠷᠪᠡ ᠳᠤ ᠣᠷᠣᠭᠤᠯᠬᠤ ᠠᠵᠢᠯᠯᠠᠭ᠎ᠠ 》ᠵᠡᠷᠭᠡ ᠣᠯᠠᠨ ᠵᠦᠶᠯ ᠤᠨ | ᠬᠡᠯᠪᠡᠷᠢ ᠪᠠᠷ ᠬᠡᠷᠡᠭᠯᠡᠭᠡᠨ ᠤ ᠡᠷᠬᠡ ᠲᠡᠭᠰᠢ ᠶᠢ ᠬᠠᠮᠠᠭᠠᠯᠠᠵᠤ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠪᠠᠶᠢᠭᠤᠯᠵᠤ᠂ ᠰᠠᠶᠢᠨ ᠰᠠᠶᠢᠬᠠᠨ ᠬᠡᠷᠡᠭᠯᠡᠭᠡᠨ ᠤ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ | ᠪᠥᠬᠦ ᠬᠤᠰᠢᠭᠤᠨ ᠤ ᠬᠡᠷᠡᠭᠯᠡᠭᠡᠨ ᠤ ᠨᠡᠮᠡᠭᠳᠡᠯ ᠢ ᠲᠠᠶᠢᠴᠢᠯᠠᠬᠤ ᠪᠤᠯᠤᠨ᠎ᠠ ᠃ |