ᠨᠠᠷᠠ ᠳᠤᠯᠠᠶᠢᠭᠰᠠᠨ ᠰᠠᠶᠢᠬᠠᠨ ᠤᠯᠠᠷᠢᠯ ᠳᠤ᠂ ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ | ᠤᠭᠲᠤᠨ ᠠᠪᠤᠯ᠎ᠠ᠃ ᠡᠨᠡ ᠪᠣᠯ ᠪᠦᠬᠦ ᠡᠮᠡᠭᠲᠡᠢᠴᠦᠳ ᠲᠤ ᠬᠠᠷᠢᠶᠠᠯᠠᠭᠳᠠᠬᠤ ᠪᠠᠶᠠᠷ ᠤᠨ ᠡᠳᠦᠷ᠂ ᠡᠮᠡᠭᠲᠡᠢᠴᠦᠳ ᠤᠨ | ᠬᠦᠴᠦᠨ ᠴᠢᠳᠠᠯ ᠢ ᠮᠠᠭᠲᠠᠭᠰᠠᠨ᠂ ᠮᠥᠨ ᠴᠦ ᠡᠮᠡᠭᠲᠡᠢᠴᠦᠳ ᠤᠨ ᠦᠨ᠎ᠡ ᠴᠡᠨ᠎ᠡ ᠶᠢ ᠮᠡᠳᠡᠷᠡᠭᠰᠡᠨ ᠶᠠᠪᠤᠳᠠᠯ | ᠪᠣᠯᠤᠨ᠎ᠠ ᠃ | ᠪᠠᠶᠠᠨᠪᠦ᠋ᠷᠢᠳᠦ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠥᠷᠭᠡᠨ ᠤᠯᠠᠨ ᠡᠮᠡᠭᠲᠡᠶᠢᠴᠦᠳ | ᠲᠠᠢ ᠰᠡᠳᠬᠢᠯ ᠵᠢᠷᠦᠬᠡ ᠪᠠᠨ ᠬᠤᠯᠪᠣᠵᠤ᠂ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠢᠳᠡᠪᠬᠢᠲᠡᠢ | ᠵᠣᠬᠢᠶᠠᠨ ᠪᠠᠶᠢᠭᠤᠯᠤᠨ ᠤᠯᠠᠨ ᠲᠦᠮᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠵᠤᠷᠪᠤᠰ ᠪᠣᠯᠭᠠᠨ | ᠬᠠᠯᠠᠭᠤᠨ ᠳᠣᠲᠣᠨᠣ ᠵᠥᠩᠨᠡᠯ ᠤᠨ ᠣᠬᠤᠷ ᠴᠢᠮᠡᠭᠡ ᠨᠢ᠂ ᠡᠮᠡᠭᠲᠡᠶᠢᠴᠦᠳ ᠲᠤ ᠥᠭᠭᠦᠭᠰᠡᠨ ᠭᠦᠨ ᠵᠤᠵᠠᠭᠠᠨ | ᠬᠠᠶᠢᠷ᠎ᠠ ᠬᠠᠯᠠᠮᠵᠢ ᠪᠣᠯᠤᠨ ᠰᠠᠶᠢᠨ ᠰᠠᠶᠢᠬᠠᠨ ᠵᠥᠩᠨᠡᠯ ᠢ ᠠᠴᠢᠶᠠᠯᠠᠵᠤ᠂ ᠤᠷᠢᠬᠠᠨ ᠬᠠᠪᠤᠷ ᠤᠨ ᠤᠷᠢᠨ ᠨᠡᠷᠡᠨ ᠮᠡᠲᠦ | ᠪᠠᠷ ᠡᠮᠡᠭᠲᠡᠶᠢᠴᠦᠳ ᠨᠢᠭᠡᠪᠦᠷᠢ ᠶᠢᠨ ᠰᠡᠳᠬᠢᠯ ᠢ ᠳᠤᠯᠠᠭᠠᠴᠠᠭᠤᠯᠣᠭᠰᠠᠨ ᠪᠠᠶᠢᠨ᠎ᠠ᠃ | ᠨᠢᠭᠡᠨ ᠮᠠᠷᠲᠠᠭᠳᠠᠰᠢ ᠦᠭᠡᠢ ᠪᠥᠭᠡᠳ ᠬᠠᠯᠠᠭᠤᠨ ᠳᠤᠯᠠᠭᠠᠨ ᠪᠠᠶᠠᠷ ᠤᠨ ᠡᠳᠦᠷ ᠢ ᠥᠩᠭᠡᠷᠡᠭᠦᠯᠬᠦ ᠶᠢᠨ | ᠲᠥᠯᠥᠭᠡ᠂ ᠪᠠᠶᠠᠨᠪᠦ᠋ᠷᠢᠳᠦ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠨᠢᠭᠡᠨ ᠤᠳᠠᠭᠠᠨ ᠤ | ᠥᠪᠡᠷᠮᠢᠴᠡ ᠣᠨᠴᠠᠯᠢᠭ ᠲᠠᠢ ᠴᠠᠶᠢᠯᠠᠯᠭ᠎ᠠ ᠪᠡᠯᠡᠳᠬᠡᠪᠡ᠃ ᠣᠯᠠᠨ ᠢᠶᠠᠷ ᠢᠶᠠᠨ᠂ ᠡᠨᠡᠬᠦ ᠴᠠᠶᠢᠯᠠᠯᠭ᠎ᠠ ᠶᠢ ᠲᠤᠶᠢᠯ ᠢᠶᠠᠷ | ᠬᠦᠰᠡᠨ ᠬᠦᠯᠢᠶᠡᠵᠦ᠂ ᠡᠨᠡᠬᠦ ᠣᠨᠴᠠᠭᠠᠶ ᠡᠳᠦᠷ ᠲᠤ ᠡᠭᠡᠴᠢ ᠳᠡᠭᠦᠦ ᠨᠡᠷ ᠲᠠᠢ ᠪᠠᠨ ᠨᠢᠭᠡ ᠲᠠᠩᠬᠢᠮ ᠳᠤ | ᠴᠤᠭᠯᠠᠷᠠᠵᠤ᠂ ᠠᠮᠢᠳᠤᠷᠠᠯ ᠤᠨ ᠳᠤᠮᠳᠠᠬᠢ ᠵᠢᠵᠢᠭ ᠰᠠᠵᠢᠭ ᠪᠠᠶᠠᠷ ᠪᠠᠶᠠᠰᠤᠯ ᠢᠶᠠᠨ ᠬᠤᠪᠢᠶᠠᠯᠴᠠᠵᠤ᠂ ᠪᠠᠶᠠᠷ ᠤᠨ | ᠡᠳᠦᠷ ᠤᠨ ᠪᠠᠶᠠᠷ ᠪᠠᠶᠠᠰᠤᠯ ᠢ ᠬᠠᠮᠲᠤ ᠪᠠᠷ ᠡᠳ᠋ᠯᠡᠶ᠎ᠡ ᠭᠡᠵᠦ ᠢᠯᠡᠳᠬᠡᠵᠡᠭᠡᠪᠡ᠃ | ᠬᠦᠳᠡᠯᠭᠡᠭᠡᠨ ᠳᠤ᠂ ᠪᠦᠭᠦᠳᠡᠭᠡᠷ ᠢᠶᠠᠨ ᠬᠠᠮᠲᠤ ᠰᠠᠭᠤᠵᠤ᠂ ᠨᠢᠭᠡ ᠲᠠᠯ᠎ᠠ ᠪᠠᠷ ᠠᠮᠲᠠᠲᠠᠶ ᠴᠠᠢ ᠠᠮᠲᠠᠯᠠᠵᠤ᠂ | ᠨᠢᠭᠡ ᠲᠠᠯ᠎ᠠ ᠪᠠᠷ ᠠᠭᠤᠵᠢᠷᠠᠲᠠᠯ᠎ᠠ ᠶᠠᠷᠢᠵᠤ᠂ ᠠᠮᠢᠳᠤᠷᠠᠯ ᠪᠠ ᠠᠵᠢᠯ ᠤᠨ ᠳᠤᠮᠳᠠᠬᠢ ᠵᠢᠵᠢᠭ ᠰᠠᠵᠢᠭ ᠵᠦᠶᠯ ᠢ | ᠬᠤᠪᠢᠶᠠᠯᠴᠠᠵᠤ ᠪᠠᠶᠢᠯ᠎ᠠ᠃ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠥᠭᠡᠳ ᠡᠶ᠎ᠡ ᠨᠠᠶᠢᠷᠲᠠᠶ | ᠪᠠᠶᠢᠵᠤ᠂ ᠣᠯᠠᠨ ᠢᠶᠠᠷ ᠢᠶᠠᠨ ᠨᠠᠰᠤ ᠵᠢᠯ ᠤᠨ ᠵᠥᠷᠢᠶ᠎ᠡ ᠪᠠᠨ ᠮᠠᠷᠲᠠᠵᠤ᠂ ᠶᠠᠭ ᠯᠠ ᠳᠣᠲᠣᠨᠣ ᠡᠭᠡᠴᠢ ᠳᠡᠭᠦᠦ ᠰᠢᠭ | ᠰᠡᠳᠬᠢᠯ ᠢᠶᠠᠨ ᠠᠭᠤᠵᠢᠷᠠᠲᠠᠯ᠎ᠠ ᠰᠣᠯᠢᠯᠴᠠᠨ ᠬᠤᠪᠢᠶᠠᠯᠴᠠᠵᠤ ᠪᠠᠶᠢᠯ᠎ᠠ᠃ ᠡᠨᠡᠬᠦ ᠬᠠᠯᠠᠭᠤᠨ ᠳᠤᠯᠠᠭᠠᠨ ᠴᠠᠭ ᠮᠥᠴᠡ | ᠳᠤ᠂ ᠬᠥᠮᠦᠨ ᠨᠢᠭᠡᠪᠦᠷᠢ ᠴᠥᠮ ᠡᠮᠡᠭᠲᠡᠶᠢᠴᠦᠳ ᠤᠨ ᠬᠤᠯᠪᠣᠭᠠᠳᠦ ᠬᠤᠷᠠᠯ ᠤᠨ ᠬᠠᠶᠢᠷ᠎ᠠ ᠬᠠᠯᠠᠮᠵᠢ ᠪᠣᠯᠤᠨ ᠡᠭᠡᠴᠢ | ᠳᠡᠭᠦᠦ ᠨᠡᠷ ᠤᠨ ᠬᠤᠭᠤᠷᠣᠨᠳᠣᠬᠢ ᠭᠦᠨ ᠵᠤᠵᠠᠭᠠᠨ ᠨᠥᠬᠦᠷᠯᠡᠯ ᠢ ᠮᠡᠳᠡᠷᠡᠵᠦ᠂ ᠰᠠᠶᠢᠨ ᠰᠠᠶᠢᠬᠠᠨ ᠠᠮᠢᠳᠤᠷᠠᠯ ᠢ | ᠬᠥᠭᠡᠭᠡᠴᠡᠯᠳᠦᠬᠦ᠂ ᠥᠪᠡᠷ ᠤᠨ ᠦᠷᠳᠡᠭ ᠢᠶᠠᠨ ᠪᠡᠶᠡᠯᠡᠭᠦᠯᠬᠦ ᠢᠲᠡᠭᠡᠯ ᠢᠶᠠᠨ ᠤᠯᠠᠮ ᠪᠠᠲᠤᠳᠬᠠᠵᠠᠢ ᠃ | ᠴᠠᠶᠢᠯᠠᠯᠭ᠎ᠠ ᠲᠡᠭᠦᠰᠬᠦ ᠶᠢ ᠳᠠᠭᠠᠯᠳᠤᠨ᠂ ᠡᠮᠡᠭᠲᠡᠶᠢᠴᠦᠳ ᠬᠥᠳᠡᠯᠭᠡᠭᠡᠨ ᠤ ᠲᠥᠪ ᠠᠴᠠ ᠵᠠᠯᠭᠠᠭ᠎ᠠ ᠪᠠᠷ | ᠰᠠᠯᠤᠭᠰᠠᠨ ᠪᠣᠯᠪᠠᠴᠤ ᠲᠡᠳᠡᠨ ᠤ ᠰᠡᠳᠬᠢᠯ ᠳᠤ ᠬᠠᠯᠠᠭᠤᠨ ᠳᠤᠯᠠᠭᠠᠨ ᠪᠠ ᠬᠦᠴᠦᠨ ᠴᠢᠳᠠᠯ ᠢᠶᠠᠷ ᠳᠦᠭᠦᠷᠡᠩ | ᠪᠠᠶᠢᠯ᠎ᠠ᠃ ᠡᠨᠡ ᠡᠮᠡᠭᠲᠡᠢᠴᠦᠳ ᠤᠨ ᠪᠠᠶᠠᠷ ᠤᠨ ᠡᠳᠦᠷ᠂ ᠡᠮᠡᠭᠲᠡᠢᠴᠦᠳ ᠤᠨ ᠬᠤᠯᠪᠣᠭᠠᠨ ᠤ ᠬᠠᠯᠠᠮᠵᠢᠯᠠᠯ ᠪᠣᠯᠤᠨ | ᠡᠭᠡᠴᠢ ᠳᠡᠭᠦᠨᠡᠷ ᠤᠨ ᠬᠠᠨᠢ ᠪᠣᠯᠤᠭᠰᠠᠨ ᠪᠣᠯᠬᠤᠷ ᠣᠨᠴᠠ ᠮᠠᠷᠲᠠᠭᠳᠠᠰᠢ ᠦᠭᠡᠢ ᠪᠣᠯᠵᠠᠢ᠃ ᠤᠯᠠᠨ ᠢᠶᠠᠷ ᠢᠶᠠᠨ᠂ | ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠣᠷᠭᠢᠯᠤᠮ᠎ᠠ ᠬᠠᠯᠠᠭᠤᠨ ᠲᠡᠮᠡᠴᠡᠯ ᠤᠨ ᠵᠣᠷᠢᠭ ᠢᠶᠠᠷ ᠬᠤᠶᠢᠰᠢᠳᠠ | ᠶᠢᠨ ᠠᠮᠢᠳᠤᠷᠠᠯ ᠪᠣᠯᠤᠨ ᠠᠵᠢᠯ ᠳᠠᠭᠠᠨ ᠣᠷᠣᠯᠴᠠᠵᠤ᠂ ᠭᠡᠷ ᠪᠦᠯᠢ ᠶᠢᠨ ᠵᠣᠯ ᠵᠢᠷᠭᠠᠯ᠂ ᠨᠡᠶᠢᠭᠡᠮ ᠤᠨ ᠬᠥᠭᠵᠢᠯᠲᠡ | ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ ᠃ |