3 ᠰᠠᠷ᠎ᠠ ᠶᠢᠨ 11 ᠤ ᠡᠳᠦᠷ᠂ ᠠᠯᠲᠠᠨᠬᠢᠯᠢ ᠰᠤᠮᠤᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ | ᠶᠢᠨ ᠭᠤᠣᠯ ᠳᠤᠭᠤᠶᠢᠯᠠᠩ ᠨᠢ 2025 ᠣᠨ ᠤ ᠭᠤᠷᠪᠠᠳᠤᠭᠠᠷ ᠤᠲᠠᠭᠠᠨ ᠤ ᠬᠠᠮᠲᠤ ᠶᠢᠨ ᠰᠤᠷᠤᠯᠴᠠᠯᠭ᠎ᠠ ᠶᠢᠨ | ᠬᠤᠷᠠᠯ ᠬᠤᠷᠠᠯᠳᠤᠭᠤᠯᠵᠤ᠂ ᠰᠤᠮᠤᠨ ᠤ ᠤᠳᠤᠷᠢᠳᠬᠤ ᠪᠠᠭ ᠤᠨ ᠬᠡᠰᠢᠬᠦᠳ ᠬᠤᠷᠠᠯ ᠳᠤ ᠣᠷᠣᠯᠴᠠᠪᠠ᠃ | ᠬᠤᠷᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︽ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ | ᠠᠵᠢᠯ ᠤᠨ ᠲᠤᠰᠤᠯ ︵ᠲᠤᠷᠰᠢᠨ ᠬᠡᠷᠡᠭᠵᠢᠭᠦᠯᠬᠦ︶︾ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ | ᠦᠵᠦᠮᠦᠴᠢᠨ ᠬᠤᠰᠢᠭᠤᠨ ᠤ ᠬᠤᠷᠢᠶ᠎ᠠ ᠶᠢᠨ ᠠᠯᠪᠠᠨ ᠭᠡᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ︿ᠵᠢᠷᠭᠤᠭᠠᠨ ᠠᠵᠢᠯᠯᠠᠭ᠎ᠠ﹀ ᠶᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ ᠵᠡᠷᠭᠡ ᠠᠭᠤᠯᠭ᠎ᠠ ᠶᠢ ᠰᠤᠷᠤᠯᠴᠠᠨ ᠤᠯᠠᠮᠵᠢᠯᠠᠪᠠ᠃ | ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ᠂ ︽ᠲᠦᠷᠪᠡᠨ ᠤᠬᠠᠮᠰᠠᠷ︾ ᠢ ᠦᠨᠡᠨᠬᠦ | ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠠᠶᠠᠯᠠᠬᠦᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠡᠯ᠎ᠡ | ᠲᠦᠷᠤᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠᠷ | ᠭᠤᠣᠯᠳᠠᠭᠤᠯᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠬᠦᠯᠤᠨ᠂ ︽ᠵᠢᠷᠭᠤᠭᠠᠨ ᠠᠵᠢᠯᠯᠠᠭ᠎ᠠ︾ ᠶᠢ | ᠥᠷᠨᠢᠭᠦᠯᠵᠦ᠂ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠬᠤ | ᠬᠡᠷᠡᠭᠲᠡᠢ︔ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠤᠮᠤᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︽ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ︵2024 ︱ 2027 ᠣᠨ︶︾ ᠳᠠᠬᠢ ᠡᠯ᠎ᠡ ᠵᠦᠢᠯ ᠤᠨ | ᠡᠭᠦᠷᠭᠡ ᠶᠢ ᠨᠠᠷᠢᠯᠢᠭᠵᠢᠭᠤᠯᠤᠨ ᠵᠠᠳᠠᠯᠵᠤ᠂ ᠵᠠᠩ ᠳᠠᠳᠬᠠᠯ ᠢ ᠥᠭᠡᠷᠡᠴᠢᠯᠡᠬᠦ᠂ ᠭᠠᠴᠠᠭᠠᠨ ᠤ ᠬᠠᠮᠲᠤ ᠶᠢᠨ ᠠᠵᠤ | ᠠᠬᠤᠢ ᠶᠢ ᠪᠤᠵᠠᠭᠠᠶᠢᠷᠠᠭᠤᠯᠬᠤ᠂ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠵᠡᠷᠭᠡ ᠲᠠᠯ᠎ᠠ ᠶᠢᠨ | ᠠᠵᠢᠯ ᠲᠠᠢ ᠤᠶᠠᠯᠳᠤᠭᠤᠯᠤᠨ᠂ ᠠᠵᠢᠯ ᠤᠨ ᠰᠡᠳᠬᠢᠮᠵᠢ ᠪᠠᠨ ᠤᠷᠢᠳᠴᠢᠯᠠᠨ ᠲᠥᠯᠥᠪᠵᠢᠭᠦᠯᠵᠦ᠂ ᠡᠯ᠎ᠡ ᠲᠦᠷᠤᠯ ᠤᠨ | ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ |