3 ᠰᠠᠷ᠎ᠠ ᠶᠢᠨ 10 ᠤ ᠡᠳᠦᠷ᠂ ᠠᠯᠲᠠᠨᠬᠢᠯᠢ ᠰᠤᠮᠤ ᠺᠠᠳ᠋ᠷ ᠠᠵᠢᠯᠲᠠᠨ ᠤ ᠶᠡᠭᠡ ᠬᠤᠷᠠᠯ ᠬᠤᠷᠠᠯᠳᠤᠭᠤᠯᠵᠤ᠂ | ᠬᠤᠰᠢᠭᠤ ᠨᠠᠮ ᠤᠨ ᠬᠤᠷᠢᠶᠠᠨ ᠤ ᠠᠯᠲᠠᠨᠬᠢᠯᠢ ᠰᠤᠮᠤᠨ ᠤ ᠤᠳᠤᠷᠢᠳᠤᠯᠭ᠎ᠠ ᠶᠢ ᠲᠣᠮᠢᠯᠠᠬᠤ ᠲᠤᠬᠠᠢ ᠰᠢᠢᠳᠪᠤᠷᠢ ᠶᠢ | ᠨᠡᠶᠢᠲᠡᠯᠡᠪᠡ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ | ᠳᠠᠷᠤᠭ᠎ᠠ ᠰᠢᠵᠢᠷᠬᠡᠷᠠᠯ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠵᠧᠦ ᠸᠧ ᠮᠢᠨ ᠨᠠᠷ ᠬᠤᠷᠠᠯ ᠳᠤ ᠣᠷᠣᠯᠴᠠᠵᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ | ᠪᠥᠬᠦ ᠺᠠᠳ᠋ᠷ ᠠᠵᠢᠯᠲᠠᠨ ᠪᠠ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠤᠳᠤᠷᠢᠳᠬᠤ | ᠪᠠᠭ ᠤᠨ ᠬᠡᠰᠢᠬᠦᠳ ᠬᠤᠷᠠᠯ ᠳᠤ ᠣᠷᠣᠯᠴᠠᠪᠠ᠃ | ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠠᠯᠲᠠᠨᠬᠢᠯᠢ ᠰᠤᠮᠤᠨ ᠤ ᠤᠳᠤᠷᠢᠳᠤᠯᠭ᠎ᠠ ᠶᠢ ᠲᠣᠮᠢᠯᠠᠬᠤ | ᠲᠤᠬᠠᠢ ᠰᠢᠢᠳᠪᠤᠷᠢ ᠶᠢ ᠤᠩᠰᠢᠨ ᠨᠡᠶᠢᠲᠡᠯᠡᠭᠰᠡᠨ ᠪᠥᠭᠡᠳ ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠳᠤᠷᠢᠳᠤᠯᠭ᠎ᠠ | ᠶᠢᠨ ᠦᠨᠳᠦᠰᠦᠨ ᠪᠠᠶᠢᠳᠠᠯ᠂ ᠠᠵᠢᠯ ᠤᠨ ᠥᠩᠭᠡᠷᠡᠯᠲᠡ ᠪᠠ ᠲᠣᠪᠣᠶᠢᠮ᠎ᠠ ᠠᠮᠵᠢᠯᠲᠠ ᠪᠦᠲᠦᠮᠵᠢ ᠶᠢ ᠲᠠᠨᠢᠯᠴᠠᠭᠤᠯᠪᠠ᠃ | | ᠬᠤᠰᠢᠭᠤ ᠨᠠᠮ ᠤᠨ ᠬᠤᠷᠢᠶ᠎ᠠ ᠠᠴᠠ ᠲᠤᠭᠲᠠᠭᠠᠭᠰᠠᠨ ᠨᠢ᠂ ᠰᠢᠵᠢᠷᠬᠡᠷᠠᠯ ᠨᠦᠬᠦᠷ ᠠᠯᠲᠠᠨᠬᠢᠯᠢ ᠰᠤᠮᠤᠨ ᠤ | ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠨ᠎ᠡ︔ ᠰᠤᠲᠤ ᠨᠦᠬᠦᠷ ᠠᠯᠲᠠᠨᠬᠢᠯᠢ ᠰᠤᠮᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠤᠮᠤᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠨ᠎ᠡ︔ ᠠᠯᠲᠠᠨᠪᠠᠭᠠᠨ᠎ᠠ ᠨᠦᠬᠦᠷ ᠠᠯᠲᠠᠨᠬᠢᠯᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ | ᠲᠤᠰᠢᠶᠠᠯ ᠢ ᠡᠭᠦᠷᠭᠡᠯᠡᠨ᠎ᠠ︔ ᠡᠨᠡᠷᠢᠯ ᠨᠦᠬᠦᠷ ᠠᠯᠲᠠᠨᠬᠢᠯᠢ ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠨ᠎ᠠ︔ ᠵᠠᠩ ᠶᠤᠸᠠᠢ ᠨᠦᠬᠦᠷ ᠠᠯᠲᠠᠨᠬᠢᠯᠢ ᠰᠤᠮᠤᠨ ᠤ ᠵᠠᠰᠠᠭ ᠤᠨ ᠣᠷᠳᠣᠨ ᠤ ᠣᠷᠣᠯᠠᠭᠴᠢ ᠳᠡᠳ᠋ ᠰᠤᠮᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠠ︔ ᠮᠠᠨᠳᠠ ᠨᠦᠬᠦᠷ ᠠᠯᠲᠠᠨᠬᠢᠯᠢ ᠰᠤᠮᠤᠨ ᠤ ᠨᠠᠮ ᠤᠨ ᠬᠡᠰᠢᠬᠦᠨ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠨ᠎ᠠ᠃ ᠶᠤᠰᠤᠲᠤ ᠨᠦᠬᠦᠷ | ᠠᠯᠲᠠᠨᠬᠢᠯᠢ ᠰᠤᠮᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠬᠦ ᠦᠬᠡᠢ︔ ᠠᠯᠲᠠ ᠨᠦᠬᠦᠷ | ᠠᠯᠲᠠᠨᠬᠢᠯᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠬᠦ ᠦᠬᠡᠢ︔ ᠴᠧᠩ ᠳ᠋ᠦᠩ | ᠨᠦᠬᠦᠷ ᠠᠯᠲᠠᠨᠬᠢᠯᠢ ᠰᠤᠮᠤᠨ ᠤ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠬᠦ ᠦᠬᠡᠢ︔ ᠰᠢᠦ ᠮᠧᠢ ᠨᠦᠬᠦᠷ ᠠᠯᠲᠠᠨᠬᠢᠯᠢ ᠰᠤᠮᠤᠨ ᠤ ᠨᠠᠮ ᠤᠨ ᠬᠡᠰᠢᠬᠦᠨ ᠪᠠ ᠤᠯᠠᠨ ᠲᠦᠮᠡᠨ ᠤ | ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠬᠦ ᠦᠬᠡᠢ᠃ | ᠵᠧᠦ ᠸᠧ ᠮᠢᠨ ᠵᠢᠭᠠᠵᠤ ᠭᠠᠷᠭᠠᠭᠰᠠᠨ ᠨᠢ᠂ ᠲᠤᠰ ᠤᠲᠠᠭᠠᠨ ᠤ ᠠᠯᠲᠠᠨᠬᠢᠯᠢ ᠰᠤᠮᠤᠨ ᠤ ᠤᠳᠤᠷᠢᠳᠬᠤ | ᠪᠠᠭ ᠲᠤ ᠲᠣᠬᠢᠷᠠᠭᠤᠯᠤᠯᠲᠠ ᠬᠢᠭᠰᠡᠨ ᠨᠢ ᠬᠤᠰᠢᠭᠤ ᠨᠠᠮ ᠤᠨ ᠬᠤᠷᠢᠶ᠎ᠠ ᠠᠴᠠ ᠠᠯᠲᠠᠨᠬᠢᠯᠢ ᠰᠤᠮᠤᠨ ᠤ ᠤᠳᠤᠷᠢᠳᠬᠤ | ᠪᠠᠭ ᠤᠨ ᠪᠠᠶᠢᠭᠤᠯᠤᠯᠲᠠ ᠶᠢᠨ ᠪᠣᠳᠠᠲᠠᠢ ᠪᠠᠶᠢᠳᠠᠯ᠂ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠭᠠᠷᠭᠠᠭᠰᠠᠨ | ᠲᠣᠭᠲᠠᠭᠠᠯ ᠪᠣᠯᠣᠨ᠎ᠠ᠂ ᠡᠨᠡ ᠨᠢ ᠠᠯᠲᠠᠨᠬᠢᠯᠢ ᠰᠤᠮᠤᠨ ᠤ ᠡᠯ᠎ᠡ ᠲᠦᠷᠤᠯ ᠤᠨ ᠠᠵᠢᠯ ᠤᠨ ᠲᠠᠯ᠎ᠠ ᠪᠠᠷ ᠬᠢ ᠬᠤᠰᠢᠭᠤ | ᠨᠠᠮ ᠤᠨ ᠬᠤᠷᠢᠶᠠᠨ ᠤ ᠬᠠᠯᠠᠮᠵᠢᠯᠠᠯ ᠪᠠ ᠬᠦᠨᠳᠦ ᠨᠠᠶᠢᠳᠠᠯᠭ᠎ᠠ ᠶᠢ ᠬᠠᠷᠠᠭᠤᠯᠵᠤ᠂ ᠲᠣᠰ ᠤᠳᠠᠭᠠᠨ ᠤ ᠤᠳᠤᠷᠢᠳᠬᠤ | ᠪᠠᠭ ᠲᠤ ᠲᠣᠬᠢᠷᠠᠭᠤᠯᠤᠯᠲᠠ ᠬᠢᠬᠦ ᠪᠠᠷ ᠳᠡᠮᠵᠢᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠨ᠂ ᠦᠵᠡᠯ ᠰᠠᠨᠠᠭ᠎ᠠ ᠪᠠ ᠦᠶᠯᠡ | ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶᠠᠨ ᠤ ᠲᠣᠭᠲᠠᠭᠠᠯ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠡᠯ᠎ᠡ | ᠵᠦᠢᠯ ᠤᠨ ᠠᠵᠢᠯ ᠦᠢᠯᠡᠰ ᠤᠨ ᠡᠷᠡᠭᠦᠯ ᠢᠶᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠲᠤᠯᠠᠵᠤ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ | ᠡᠩᠨᠡᠭᠡ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠲᠠᠯ᠎ᠠ ᠪᠠᠷ ᠰᠢᠨ᠎ᠡ ᠡᠭᠦᠷᠭᠡᠯᠡᠯ ᠢ | ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠠᠢ ᠬᠡᠵᠤ ᠱᠠᠭᠠᠷᠲᠠᠪᠠ᠃ | | | | |