ᠬᠦᠷᠢᠶᠡᠳᠦᠨᠠᠭᠤᠷ ᠰᠣᠮᠣᠨ ᠤ ᠵᠢᠭᠠᠰᠤᠲᠠᠢ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠵᠢᠴᠢ ᠭᠠᠴᠠᠭᠠᠨ ᠳᠤ ᠰᠠᠭᠤᠭ᠎ᠠ ᠰᠣᠩᠭᠤᠨ ᠲᠣᠬᠢᠷᠠᠭᠤᠯᠬᠤ ᠺᠠᠳ᠋ᠷ ᠨᠠᠷ ︽3.8︾᠎ ᠤ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ ᠨᠠᠰᠤᠲᠠᠶᠢᠴᠤᠳ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/21
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠥᠨᠳᠦᠳᠬᠡᠵᠦ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ 115 ᠳ᠋ᠤᠭᠠᠷ ᠤᠳᠠᠭᠠᠨ ᠤ           ︽3.8︾᠎ ᠤ ᠲᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠦᠷᠢᠶᠡᠳᠦᠨᠠᠭᠤᠷ ᠰᠣᠮᠣᠨ ᠤ ᠵᠢᠭᠠᠰᠤᠲᠠᠢ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠵᠢᠴᠢ ᠭᠠᠴᠠᠭᠠᠨ ᠳᠤ ᠰᠠᠭᠤᠭ᠎ᠠ ᠰᠣᠩᠭᠤᠨ ᠲᠣᠬᠢᠷᠠᠭᠤᠯᠬᠤ ᠺᠠᠳ᠋ᠷ ᠨᠠᠷ ︽3.8︾᠎ ᠤ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ ᠨᠠᠰᠤᠲᠠᠶᠢᠴᠤᠳ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠳᠤᠮᠳᠠ᠂ ᠵᠢᠭᠠᠰᠤᠲᠠᠢ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠵᠢᠴᠢ ᠭᠠᠴᠠᠭᠠᠨ ᠳᠤ ᠰᠠᠭᠤᠭ᠎ᠠ ᠰᠣᠩᠭᠤᠨ ᠲᠣᠬᠢᠷᠠᠭᠤᠯᠬᠤ ᠺᠠᠳ᠋ᠷ ᠨᠠᠷ 80 ᠨᠠᠰᠤᠨ ᠠᠴᠠ ᠳᠡᠭᠡᠭᠰᠢᠬᠢ 8 ᠨᠠᠰᠤᠲᠠᠶᠢᠴᠤᠳ ᠲᠤ ᠪᠠᠶᠠᠷ ᠤᠨ ᠡᠳᠦᠷ ᠤᠨ ᠢᠷᠦᠭᠡᠯ ᠵᠦᠩᠨᠡᠯ ᠪᠣᠯᠤᠨ ᠲᠣᠬᠤᠨᠢᠭᠤᠯᠭ᠎ᠠ ᠶᠢᠨ ᠮᠥᠩᠭᠦ᠂ ᠡᠳ᠋ ᠪᠣᠳᠠᠰ ᠬᠦᠷᠭᠡᠨ᠂ ᠲᠡᠳᠡᠨ ᠤ ᠭᠠᠴᠠᠭᠠᠨ ᠤ ᠠᠵᠢᠯ ᠢ ᠣᠶᠢᠯᠠᠭᠠᠵᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠳᠬᠡᠭᠰᠡᠨ ᠪᠥᠭᠡᠳ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ᠂ ᠠᠮᠢᠳᠤᠷᠠᠯ ᠤᠨ  ᠪᠠᠶᠢᠳᠠᠯ ᠢ ᠨᠠᠷᠢᠨ ᠨᠢᠮᠪᠠᠢ ᠠᠰᠠᠭᠤᠵᠤ᠂ ᠲᠡᠳᠡᠨ ᠤ ᠪᠣᠳᠠᠲᠠᠢ ᠬᠦᠴᠢᠷᠳᠡᠯ ᠪᠣᠯᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠲᠤᠬᠠᠢ ᠠᠰᠠᠭᠤᠯᠲᠠ ᠶᠢ ᠬᠦᠯᠢᠴᠡᠩᠭᠦᠢ ᠬᠠᠷᠢᠭᠤᠯᠪᠠ᠃      ᠲᠤᠰ ᠤᠳᠠᠭᠠᠨ ᠤ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠨᠢ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠨᠠᠰᠤᠲᠠᠶᠢᠴᠤᠳ ᠤᠨ ᠰᠡᠳᠬᠢᠯ ᠤᠨ ᠭᠦᠨ ᠳᠤ ᠬᠦᠷᠭᠡᠵᠦ᠂ ᠥᠷᠭᠡᠨ ᠣᠯᠠᠨ ᠡᠮᠡᠭᠲᠡᠶᠢᠴᠦᠳ ᠲᠤ ᠪᠠᠶᠠᠷ ᠤᠨ ᠡᠳᠦᠷ ᠤᠨ ᠢᠷᠦᠭᠡᠯ ᠵᠥᠩᠨᠡᠯ ᠢ ᠳᠡᠪᠰᠢᠭᠦᠯᠵᠦ᠂ ᠡᠮᠡᠭᠲᠡᠶᠢᠴᠦᠳ ᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠠᠢ᠃ ᠳᠠᠷᠠᠭᠠᠴᠢ ᠶᠢᠨ ᠠᠯᠬᠤᠮ ᠳᠤ᠂ ᠬᠦᠷᠢᠶᠡᠳᠦᠨᠠᠭᠤᠷ ᠰᠤᠮᠤ ᠨᠢ ᠦᠷᠭᠦᠯᠵᠢᠯᠡᠨ ᠥᠷᠭᠡᠨ ᠣᠯᠠᠨ ᠡᠮᠡᠭᠲᠡᠶᠢᠴᠦᠳ ᠲᠤ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠪᠣᠳᠠᠲᠠᠢ ᠠᠵᠢᠯ ᠬᠢᠵᠦ᠂ ᠣᠯᠠᠨ ᠲᠦᠮᠡᠨ ᠤ ᠬᠦᠷᠲᠡᠭᠡᠮᠵᠢᠲᠦ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠥᠪᠰᠢᠨ ᠰᠡᠳᠬᠢᠯᠭᠡ ᠶᠢ ᠦᠨᠡᠨᠬᠦ ᠳᠡᠭᠡᠭᠰᠢᠯᠡᠭᠦᠯᠵᠦ᠂ ᠡᠮᠡᠭᠲᠡᠶᠢᠴᠦᠳ ᠪᠠ ᠣᠯᠠᠨ ᠲᠦᠮᠡᠨ ᠢ ᠬᠥᠲᠥᠯᠦᠨ ᠢᠮᠠᠭᠲᠠ ᠦᠵᠡᠯ ᠰᠠᠨᠠᠭ᠎ᠠ ᠦᠢᠯᠡ ᠠᠵᠢᠯᠯᠠᠭ᠎ᠠ ᠪᠠᠷ ᠢᠶᠠᠨ ᠨᠠᠮ ᠢᠶᠠᠨ ᠬᠦᠷᠢᠶᠡᠯᠡᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠣ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠦᠮᠦᠵᠢᠯ ᠢ ᠭᠦᠨᠵᠡᠭᠡᠶᠢᠷᠡᠭᠦᠯᠵᠦ᠂ ᠪᠣᠳᠠᠲᠠᠢ ᠠᠵᠢᠯᠯᠠᠭ᠎ᠠ ᠪᠠᠷ ᠢᠶᠠᠨ ᠬᠦᠷᠢᠶᠡᠲᠦᠨᠠᠭᠤᠷ ᠰᠣᠮᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号