ᠬᠦᠷᠢᠶᠡᠲᠦᠨᠠᠭᠤᠷ ᠰᠣᠮᠣᠨ ᠤ ᠠᠷᠰᠯᠠᠩᠲᠤ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠨᠢ ︽ᠤᠮᠠᠷᠠᠲᠤ ᠬᠢᠯᠢ ᠶᠢᠨ ᠡᠮᠡᠭᠲᠡᠶᠢᠴᠦᠳ ᠨᠠᠮ ᠢᠶᠠᠨ ᠡᠷᠡᠰ ᠳᠠᠭᠠᠵᠤ᠂ ᠰᠢᠨ᠎ᠡ ᠠᠶᠠᠨ ᠵᠠᠮ ᠳᠤ ᠪᠠᠨ ᠭᠠᠪᠢᠶ᠎ᠠ ᠪᠠᠶᠢᠭᠤᠯᠬᠤ ᠪᠠᠷ ᠡᠷᠡᠯᠬᠡᠭᠯᠡ ᠤᠷᠤᠭᠰᠢᠯᠠᠶ᠎ᠠ︾ ᠭᠤᠣᠯ ᠰᠡᠳᠦᠪᠲᠦ ︽3.8︾᠎ ᠤ ᠲᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2025/3/21
      115 ᠳ᠋ᠤᠭᠠᠷ ᠬᠤᠭᠤᠴᠠᠭᠠᠨ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠵᠤ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠬᠦ ᠶᠢᠨ ᠲᠥᠯᠥᠭᠡ᠂ ᠬᠦᠷᠢᠶᠡᠲᠦᠨᠠᠭᠤᠷ ᠰᠣᠮᠣᠨ ᠤ ᠠᠷᠰᠯᠠᠩᠲᠤ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠨᠢ ︽ᠤᠮᠠᠷᠠᠲᠤ ᠬᠢᠯᠢ ᠶᠢᠨ ᠡᠮᠡᠭᠲᠡᠶᠢᠴᠦᠳ ᠨᠠᠮ ᠢᠶᠠᠨ ᠡᠷᠡᠰ ᠳᠠᠭᠠᠵᠤ᠂ ᠰᠢᠨ᠎ᠡ ᠠᠶᠠᠨ ᠵᠠᠮ ᠳᠤ ᠪᠠᠨ ᠭᠠᠪᠢᠶ᠎ᠠ ᠪᠠᠶᠢᠭᠤᠯᠬᠤ ᠪᠠᠷ ᠡᠷᠡᠯᠬᠡᠭᠯᠡ ᠤᠷᠤᠭᠰᠢᠯᠠᠶ᠎ᠠ︾ ᠭᠤᠣᠯ ᠰᠡᠳᠦᠪᠲᠦ ᠠᠵᠢᠯᠯᠠᠭ᠎ᠠ ᠶᠢ ᠨᠠᠷᠢᠯᠢᠭ ᠵᠣᠬᠢᠶᠠᠨ ᠪᠠᠢᠭᠤᠯᠵᠤ᠂ ᠤᠮᠠᠷᠠᠲᠤ ᠬᠢᠯᠢ ᠎ ᠶᠢᠨ ᠦᠢ ᠣᠯᠠᠨ ᠡᠮᠡᠭᠲᠡᠶᠢᠴᠦᠳ ᠤᠨ ᠠᠩᠬᠠᠷᠤᠯ ᠢ ᠲᠠᠲᠠᠨ ᠢᠳᠡᠪᠬᠢᠲᠡᠢ ᠣᠷᠤᠯᠴᠠᠵᠠᠢ᠃      ᠬᠦᠳᠡᠯᠭᠡᠭᠡᠨ ᠤ ᠠᠬᠤᠢ ᠲᠠᠯᠠᠪᠠᠢ ᠳᠤ᠂ ᠭᠠᠷ ᠤᠷᠠᠯᠠᠯ ᠤᠨ ᠪᠥᠲᠦᠭᠡᠭᠲᠡᠬᠦᠨ ᠤ ᠰᠢᠯᠭᠠᠷᠠᠭᠤᠯᠤᠯᠲᠠ ᠶᠢᠨ ᠣᠷᠣᠨ ᠨᠢ ᠲᠥᠪᠯᠡᠷᠡᠯ ᠤᠨ ᠴᠡᠭ ᠪᠣᠯᠵᠤ᠂ ᠳᠡᠯᠭᠡᠭᠡᠰᠦᠲᠡᠢ ᠣᠯᠠᠨ ᠪᠦᠲᠦᠭᠡᠯ ᠨᠢ ᠬᠥᠮᠦᠰ ᠢ ᠭᠠᠶᠢᠬᠠᠰᠢ ᠠᠯᠳᠠᠭᠤᠯᠵᠤ ᠪᠠᠢᠯ᠎ᠠ᠃ ᠢᠰᠡᠭᠡᠢ ᠤᠷᠠᠯᠠᠯ ᠨᠢ ᠣᠯᠠᠨ ᠶᠠᠩᠵᠤ ᠶᠢᠨ ᠬᠡᠯᠪᠡᠷᠢ ᠲᠠᠢ ᠪᠠᠶᠢᠵᠤ᠂ ᠤᠷᠠᠯᠠᠵᠤ ᠣᠶᠤᠭᠰᠠᠨ ᠨᠢ ᠨᠠᠷᠢᠯᠢᠭ᠂ ᠥᠩᠭᠡ ᠨᠢ ᠦᠵᠡᠰᠬᠦᠯᠡᠩ ᠭᠤᠶᠣ ᠪᠠᠢᠵᠤ᠂ ᠡᠭᠦᠳᠦᠨ ᠪᠦᠲᠦᠭᠡᠭᠴᠢᠳ ᠤᠷᠠᠨ ᠨᠠᠷᠢᠨ ᠤᠷ᠎ᠠ ᠮᠡᠷᠭᠡᠰᠢᠯ ᠢᠶᠠᠨ ᠬᠡᠷᠡᠭᠯᠡᠨ᠂ ᠬᠤᠨᠢᠨ ᠨᠣᠣᠰᠣ ᠵᠡᠷᠭᠡ ᠮᠠᠲ᠋ᠧᠷᠢᠶᠠᠯ ᠢ ᠤᠷᠠᠨ ᠬᠠᠪᠤᠯᠢᠭ ᠪᠣᠯᠭᠠᠨ           ᠬᠤᠪᠢᠷᠠᠭᠤᠯᠵᠤ᠂ ᠤᠯᠠᠮᠵᠢᠯᠠᠯᠲᠤ ᠢᠰᠡᠭᠡᠢ ᠤᠷᠠᠯᠠᠯ ᠶᠢᠨ ᠤᠯᠠᠮᠵᠢᠯᠠᠯ ᠪᠠ ᠰᠢᠨ᠎ᠡ ᠶᠢ ᠡᠭᠦᠳᠬᠦ ᠶᠢ ᠢᠯᠡᠷᠡᠭᠦᠯᠦᠭᠰᠡᠨ ᠪᠠᠢᠨ᠎ᠠ᠃ ᠮᠣᠩᠭᠤᠯ ᠲᠡᠷᠯᠢᠭ ᠤᠨ ᠪᠦᠲᠦᠭᠡᠯ ᠨᠢ ᠥᠩᠭᠡ ᠢᠯᠭᠠᠷᠠᠮ᠎ᠠ᠂ ᠬᠡᠪ ᠵᠠᠭᠪᠤᠷ ᠠᠴᠠ ᠤᠭᠠᠯᠵᠠ ᠡᠮᠵᠢᠶᠡᠷᠢ ᠬᠦᠷᠲᠡᠯ᠎ᠡ᠂ ᠨᠠᠷᠢᠨ ᠵᠦᠢᠯᠡᠰ ᠨᠢ ᠤᠮᠠᠷᠠᠲᠤ ᠬᠢᠯᠢ ᠶᠢᠨ ᠰᠣᠶᠣᠯ ᠤᠨ ᠠᠭᠤᠯᠬᠤᠨ ᠢ ᠢᠯᠡᠷᠡᠭᠦᠯᠵᠡᠢ᠃ ᠵᠠᠷᠢᠮ ᠨᠢ ᠡᠷᠲᠡᠨ ᠤ ᠪᠣᠷᠣᠭᠵᠢᠭᠤᠨ ᠢᠷᠠᠭᠤ ᠰᠠᠶᠢᠬᠠᠨ᠂ ᠤᠯᠠᠮᠵᠢᠯᠠᠯᠲᠤ ᠦᠨᠦᠷ ᠠᠮᠲᠠ ᠶᠢ ᠬᠠᠳᠠᠭᠠᠯᠠᠵᠤ᠂ ᠵᠠᠷᠢᠮ ᠨᠢ ᠣᠷᠴᠢᠨ ᠦᠶ᠎ᠡ ᠶᠢᠨ ᠡᠯᠧᠮᠧᠨ᠋ᠲ ᠢ ᠠᠭᠤᠰᠬᠠᠵᠤ᠂ ᠰᠢᠨ᠎ᠡ ᠡᠷᠡᠨ ᠤ ᠠᠭᠤᠷ ᠠᠮᠢᠰᠬᠤᠯ ᠣᠨᠴᠠᠯᠢᠭ ᠢ ᠬᠠᠷᠠᠭᠤᠯᠵᠤ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠦᠨᠳᠦᠰᠦᠲᠡᠨ ᠤ ᠬᠤᠪᠴᠠᠰᠤ ᠵᠠᠰᠠᠯ ᠢ ᠬᠠᠶᠢᠷᠠᠯᠠᠬᠤ ᠪᠣᠯᠤᠨ ᠴᠠᠭ ᠦᠶ᠎ᠡ ᠶᠢᠨ ᠤᠷᠤᠰᠬᠠᠯ ᠯᠤᠭ᠎ᠠ ᠶᠢᠨ ᠤᠶᠠᠯᠳᠤᠯ ᠢ ᠭᠦᠢᠴᠡᠳ ᠢᠯᠡᠷᠡᠭᠦᠯᠵᠡᠢ᠃ ᠬᠢᠨᠠᠭᠴᠢᠳ ᠪᠦᠲᠦᠭᠡᠯ ᠤᠨ ᠤᠷ᠎ᠠ ᠮᠡᠷᠭᠡᠰᠢᠯ ᠤᠨ ᠬᠢᠷᠢ ᠲᠥᠪᠰᠢᠨ᠂ ᠰᠣᠶᠣᠯ ᠤᠨ ᠠᠭᠤᠯᠤᠭᠳᠠᠬᠤᠨ᠂ ᠪᠦᠲᠦᠭᠡᠯᠴᠢ ᠲᠥᠯᠥᠪᠯᠡᠭᠡ ᠵᠡᠷᠭᠡ ᠣᠯᠠᠨ ᠲᠠᠯ᠎ᠠ ᠶᠢ ᠦᠨᠳᠦᠰᠦᠯᠡᠨ ᠴᠢᠩᠭ᠎ᠠ ᠬᠢᠨᠠᠨ ᠲᠣᠭᠲᠠᠭᠠᠯᠲᠠ ᠰᠢᠯᠭᠠᠷᠠᠭᠤᠯᠤᠯᠲᠠ ᠬᠢᠵᠦ᠂ ᠱᠠᠩᠨᠠᠯ ᠬᠦᠷᠲᠡᠭᠰᠡᠳ ᠲᠤ ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠪᠤᠳᠠᠰ ᠣᠯᠭᠤᠵᠤ᠂ ᠲᠡᠳᠡᠨ ᠤ ᠤᠮᠠᠷᠠᠲᠤ ᠬᠢᠯᠢ ᠶᠢᠨ ᠣᠨᠴᠠᠯᠢᠭᠲᠤ ᠰᠣᠶᠣᠯ ᠢ ᠦᠷᠭᠦᠯᠵᠢᠯᠡᠨ ᠤᠯᠠᠮᠵᠢᠯᠠᠨ ᠪᠠᠳᠠᠷᠠᠭᠤᠯᠬᠤ ᠶᠢ ᠵᠣᠷᠢᠭᠵᠢᠭᠤᠯᠪᠠ᠃      ᠭᠦᠳᠡᠯᠭᠡᠭᠡᠨ ᠨᠢ ᠣᠯᠠᠨ ᠲᠥᠷᠥᠯ ᠵᠦᠢᠯ ᠨᠢ ᠴᠦ ᠳᠤᠷ᠎ᠠ ᠰᠣᠨᠢᠷᠬᠠᠯᠲᠤ ᠴᠢᠨᠠᠷ ᠪᠠ ᠥᠷᠢᠰᠦᠯᠳᠦᠭᠡᠨᠲᠦ ᠴᠢᠨᠠᠷ ᠲᠠᠢ ᠪᠠᠶᠢᠳᠠᠭ᠃ ᠣᠷᠣᠯᠴᠠᠭᠰᠠᠳ ᠨᠠᠭᠠᠳᠤᠮ ᠤᠨ ᠳᠤᠮᠳᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠡᠳᠡᠭᠡᠷ ᠬᠦᠳᠡᠯᠭᠡᠭᠡᠨ ᠨᠢ ᠣᠯᠠᠨ ᠤ ᠪᠡᠶ᠎ᠡ ᠮᠠᠬᠠᠪᠤᠳ ᠢ ᠴᠢᠬᠢᠷᠠᠭᠵᠢᠭᠤᠯᠤᠭᠰᠠᠨ ᠢᠶᠠᠷ ᠪᠠᠷᠠᠬᠤ ᠥᠬᠡᠢ᠂ ᠲᠡᠳᠡᠨ ᠤ ᠨᠥᠬᠦᠷᠯᠡᠯ ᠢ ᠵᠤᠵᠠᠭᠠᠳᠬᠠᠵᠤ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠪᠦᠯᠬᠦᠮᠳᠡᠨ ᠬᠠᠮᠵᠢᠯᠴᠠᠬᠤ᠂ ᠢᠳᠡᠪᠬᠢᠲᠡᠢ ᠪᠠᠶᠠᠰᠤᠩᠭᠤᠢ ᠵᠣᠷᠢᠭ ᠰᠠᠨᠠᠭᠠᠨ ᠤ ᠳᠦᠷᠢ ᠳᠥᠷᠬᠦ ᠶᠢ ᠬᠠᠷᠠᠭᠤᠯᠵᠠᠢ᠃      ᠲᠤᠰ ᠤᠳᠠᠭᠠᠨ ᠤ ︽3.8︾᠎ ᠤ ᠡᠮᠡᠭᠲᠡᠶᠢᠴᠦᠳ ᠤᠨ ᠪᠠᠶᠠᠷ ᠤᠨ ᠬᠦᠳᠡᠯᠭᠡᠭᠡᠨ ᠨᠢ ᠭᠠᠷ ᠤᠷᠠᠯᠠᠯ ᠤᠨ ᠪᠥᠲᠦᠭᠡᠭᠲᠡᠬᠦᠨ ᠢ ᠠᠳᠠᠯᠢᠳᠬᠠᠨ ᠰᠢᠯᠭᠠᠷᠠᠭᠤᠯᠬᠤ ᠪᠣᠯᠤᠨ ᠰᠣᠨᠢᠷᠬᠠᠯᠲᠤ ᠲᠣᠭᠯᠠᠭᠠᠮ ᠢ ᠤᠶᠠᠯᠳᠤᠭᠤᠯᠬᠤ ᠬᠡᠯᠪᠡᠷᠢ ᠎ ᠪᠠᠷ ᠤᠮᠠᠷᠠᠲᠤ ᠬᠢᠯᠢ ᠶᠢᠨ ᠡᠮᠡᠭᠲᠡᠶᠢᠴᠦᠳ ᠤᠨ ᠦᠵᠡᠯ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠲᠡᠳᠡᠨ ᠳᠤ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠠᠪᠴᠠᠩ ᠬᠠᠩᠭᠠᠵᠤ ᠥᠭᠪᠡ᠃ ᠬᠦᠳᠡᠯᠭᠡᠭᠡᠨ ᠨᠢ ᠮᠠᠯᠴᠢᠨ ᠡᠮᠡᠭᠲᠡᠶᠢᠴᠦᠳ ᠤᠨ ᠰᠢᠨ᠎ᠡ ᠴᠠᠭ ᠦᠶ᠎ᠡ ᠶᠢᠨ ᠠᠶᠠᠨ ᠳᠤ ᠦᠷᠭᠦᠯᠵᠢᠯᠡᠨ ᠨᠠᠮ ᠢᠶᠠᠨ ᠡᠷᠡᠰ ᠳᠠᠭᠠᠵᠤ᠂ ᠤᠮᠠᠷᠠᠲᠤ ᠬᠢᠯᠢ ᠶᠢᠨ ᠬᠥᠭᠵᠢᠯᠲᠡ ᠳᠤ ᠣᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠵᠦ᠂ ᠨᠡᠩ ᠭᠤᠶᠢᠲᠠ ᠰᠠᠶᠢᠬᠠᠨ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠬᠦᠷᠢᠶᠡᠲᠤᠨᠠᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号