ᠮᠠᠨ ᠤ ᠬᠤᠰᠢᠭᠤ 2025 ᠣᠨ ᠤ ᠬᠠᠪᠤᠷ ᠤᠨ ᠤᠯᠠᠷᠢᠯ ᠤᠨ ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠬᠡᠷᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/24
      3 ᠰᠠᠷ᠎ᠠ ᠶᠢᠨ 17᠎ ᠤ ᠡᠳᠦᠷ᠂ ᠮᠠᠨ ᠤ ᠬᠤᠰᠢᠭᠤ 2025 ᠣᠨ ᠤ ᠬᠠᠪᠤᠷ ᠤᠨ ᠤᠯᠠᠷᠢᠯ ᠤᠨ ᠣᠷᠭᠤᠯᠲᠠ ᠵᠢᠨ‌ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠬᠡᠷᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠣᠭᠤᠯᠵᠦ᠂ 2025 ᠣᠨ ᠤ ᠬᠠᠪᠤᠷ ᠤᠨ ᠤᠯᠠᠷᠢᠯ  ᠎ ᠤᠨ ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠦᠨᠳᠦᠰᠦᠨ ᠪᠠᠶᠢᠳᠠᠯ ᠤᠨ ᠲᠤᠬᠠᠶ ᠨᠠᠷᠢᠨ ᠲᠣᠳᠣᠷᠬᠠᠶᠢᠯᠠᠯᠲᠠ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠣᠶᠢᠯᠠᠭᠠᠭᠰᠠᠨ ᠢᠶᠠᠷ᠂ ᠬᠠᠪᠤᠷ ᠤᠨ ᠤᠯᠠᠷᠢᠯ ᠪᠣᠯ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠰᠣᠶᠣᠭᠠᠯᠠᠵᠤ᠂ ᠪᠡᠯᠴᠢᠭᠡᠷ ᠰᠡᠷᠭᠦᠭᠡᠬᠦ  ᠴᠢᠬᠤᠯᠠ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠤᠷᠭᠤᠴᠠ ᠪᠠ ᠲᠡᠵᠢᠭᠡᠯ ᠡᠪᠡᠰᠦᠨ ᠤ ᠤᠨᠠᠯᠲᠠ ᠲᠠᠢ ᠰᠢᠭᠤᠳ ᠬᠤᠯᠪᠣᠭᠳᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠪᠠ ᠮᠠᠯᠴᠢᠳ ᠤᠨ ᠣᠷᠣᠯᠭ᠎ᠠ ᠲᠠᠢ ᠰᠢᠭᠤᠳ ᠬᠤᠯᠪᠣᠭᠳᠠᠵᠤ ᠪᠠᠶᠢᠳᠠᠭ᠃ 2025 ᠣᠨ ᠳᠤ᠂ ᠵᠡᠭᠦᠨ ᠦᠵᠦᠮᠦᠴᠢᠨ ᠬᠤᠰᠢᠭᠤ《 2023—2025 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠬᠡᠷᠡᠭᠵᠢᠭᠦᠯᠬᠦ ᠲᠥᠰᠦᠯ 》ᠶᠣᠰᠣᠭᠠᠷ᠂ ᠪᠥᠬᠦ ᠬᠤᠰᠢᠭᠤᠨ ᠤ 10 ᠰᠤᠮᠤ ᠪᠠᠯᠭᠠᠰᠤ         ( ᠲᠠᠯᠠᠪᠠᠶ )᠎ ᠶᠢᠨ 62 ᠭᠠᠴᠠᠭᠠᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠣᠷᠣᠨ ᠳᠤ ᠣᠷᠭᠤᠯᠲᠠ ᠵᠢᠨ‌ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠲᠠᠯᠠᠪᠠᠢ ᠨᠢ 4961 . 19 ᠲᠦᠮᠡᠨ ᠮᠥ  ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠦᠬᠡᠷ᠂ ᠬᠤᠨᠢ᠂ ᠢᠮᠠᠭ᠎ᠠ ᠶᠢ ᠪᠡᠯᠴᠢᠭᠡᠷᠯᠡᠭᠦᠯᠵᠦ ᠪᠤᠯᠬᠤ ᠦᠭᠡᠢ᠃ ᠬᠠᠪᠤᠷ ᠤᠨ ᠤᠯᠠᠷᠢᠯ  ᠎ ᠤᠨ ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠬᠤᠭᠤᠴᠠᠭ᠎ᠠ ᠶᠢ 4 ᠰᠠᠷ᠎ᠠ ᠶᠢᠨ 5᠎ ᠤ ᠡᠳᠦᠷ ᠠᠴᠠ 5 ᠰᠠᠷ᠎ᠠ ᠶᠢᠨ 19᠎ ᠤ ᠡᠳᠦᠷ       ᠪᠣᠯᠲᠠᠯ᠎ᠠ᠂ ᠨᠡᠶᠢᠲᠡ 45 ᠡᠳᠦᠷ ᠢᠶᠠᠷ ᠲᠤᠭᠲᠠᠭᠠᠪᠠ᠃      ᠬᠠᠪᠤᠷ ᠤᠨ ᠤᠯᠠᠷᠢᠯ ᠤᠨ ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠦᠯᠦᠭᠡ᠂ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠪᠡᠯᠴᠢᠭᠡᠷ ᠰᠡᠷᠭᠦᠭᠡᠭᠰᠡᠨ ᠨᠤᠲᠤᠭ ᠪᠡᠯᠴᠢᠭᠡᠷ ᠤᠨ ᠨᠥᠬᠦᠪᠥᠷᠢ ᠣᠯᠭᠤᠵᠦ᠂ ᠨᠥᠬᠦᠪᠥᠷᠢ ᠣᠯᠭᠤᠬᠤ ᠪᠠᠷᠢᠮᠵᠢᠶ᠎ᠠ ᠨᠢ ᠮᠦ ᠪᠦᠷᠢ1.125 ᠲᠦᠭᠦᠷᠢᠭ  ( ᠡᠩ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠷᠢᠮᠵᠢᠶ᠎ᠠ ᠪᠠᠷ ᠯᠠᠪᠯᠠᠯᠲᠠ ᠪᠤᠯᠭᠠᠪᠠ )᠂ ᠬᠡᠷᠡᠭᠰᠡᠬᠦ ᠪᠡᠯᠡ ᠮᠥᠩᠭᠦ ᠶᠢ ᠠᠶᠢᠮᠠᠭ᠂ ᠬᠤᠰᠢᠭᠤ ᠬᠤᠶᠠᠷ ᠱᠠᠲᠤᠨ ᠠᠴᠠ 4᠄ 6᠎ ᠶᠢᠨ ᠬᠠᠷᠢᠴᠠᠯ ᠢᠶᠠᠷ ᠡᠭᠦᠷᠭᠡᠯᠡᠨ᠎ᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号