3 ᠰᠠᠷ᠎ᠠ ᠶᠢᠨ14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠴᠠᠩ ᠱᠧᠩ ᠮᠠᠨ ᠤ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠪᠠ ᠬᠡᠤᠭᠡᠳ ᠤᠨ ᠴᠡᠴᠡᠷᠯᠢᠭ ᠲᠤ | ᠬᠦᠷᠴᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠠᠷᠠᠭᠠᠯᠵᠠᠯ ᠪᠠ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ | ᠵᠢᠭᠠᠨ ᠵᠢᠯᠣᠭᠤᠳᠪᠠ᠃ | ᠡᠯ᠎ᠡ ᠳᠤᠮᠳᠠᠳᠤ ᠪᠠᠭ᠎ᠠ ᠰᠤᠷᠭᠠᠭᠤᠯᠢ ᠪᠣᠯᠣᠨ ᠴᠡᠴᠡᠷᠯᠢᠭ ᠲᠤ᠂ ᠴᠠᠩ ᠱᠧᠩ ᠰᠤᠷᠭᠠᠭᠤᠯᠢ ᠶᠢᠨ ᠪᠠᠶᠢᠳᠠᠯ᠂ | ᠳᠠᠩᠰᠠ ᠡᠪᠬᠡᠮᠡᠯ ᠦᠵᠡᠬᠦ ᠵᠡᠷᠭᠡ ᠬᠡᠯᠪᠡᠷᠢ ᠪᠠᠷ᠂ ᠰᠤᠷᠭᠠᠭᠤᠯᠢ ᠶᠢᠨ ᠡᠳᠦᠷ ᠲᠤᠲᠤᠮ ᠤᠨ ᠠᠵᠢᠯ᠂ ᠰᠠᠭᠤᠷᠢ | ᠲᠦᠭᠦᠭᠡᠷᠡᠮᠵᠢ ᠶᠢᠨ ᠪᠠᠶᠢᠭᠤᠯᠤᠯᠲᠠ᠂ ᠭᠤᠤᠯᠳᠠᠯᠭᠠᠳᠦ ᠠᠵᠢᠯ ᠤᠨ ᠠᠬᠢᠴᠠ᠂ ᠭᠠᠯ ᠤᠨᠲᠠᠷᠠᠭᠠᠬᠤ | ᠲᠥᠬᠦᠭᠡᠷᠦᠮᠵᠢ ᠶᠢᠨ ᠲᠣᠬᠢᠷᠠᠭᠤᠯᠤᠯᠲᠠ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠢ ᠬᠠᠮᠠᠭᠠᠯᠠᠬᠤ | ᠠᠵᠢᠯ ᠵᠡᠷᠭᠡ ᠲᠠᠯ᠎ᠠ ᠶᠢ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠤᠨ ᠠᠵᠢᠯ ᠤᠨ ᠬᠠᠷᠢᠭᠤ | ᠮᠡᠳᠡᠭᠦᠯᠦᠯᠲᠡ ᠰᠣᠨᠣᠰᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠯᠠᠪᠯᠠᠨ ᠠᠰᠠᠭᠤᠵᠤ᠂ | ᠴᠢᠭᠯᠡᠭᠦᠯᠬᠦ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ | ᠪᠣᠳᠠᠲᠠᠢ ᠱᠠᠭᠠᠷᠳᠠᠯᠭ᠎ᠠ ᠳᠣᠷᠠᠳᠪᠠ᠃ | ᠴᠠᠩ ᠱᠧᠩ ᠴᠢᠬᠤᠯᠠᠴᠢᠯᠠᠬᠤ ᠳᠠᠭᠠᠨ᠂ ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠡ | ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠪᠥᠬᠦ ᠶᠠᠪᠤᠴᠠ ᠳᠤ ᠠᠭᠤᠰᠬᠠᠬᠤ ᠶᠢ ᠪᠠᠷᠢᠮᠲᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠢᠴᠢᠶᠡᠯ ᠤᠨ | ᠠᠭᠤᠯᠭ᠎ᠠ ᠶᠢ ᠪᠠᠶᠠᠯᠢᠭᠵᠢᠭᠤᠯᠤᠨ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠳᠠᠬᠢ ᠰᠤᠷᠭᠠᠨ ᠬᠥᠮᠦᠵᠢᠯ ᠤᠨ | ᠬᠤᠪᠢ ᠶᠢᠨ ᠵᠢᠩ ᠢ ᠠᠯᠬᠤᠮ ᠢᠶᠠᠷ ᠳᠡᠭᠡᠭᠰᠢᠯᠡᠭᠦᠯᠦᠨ᠂ ᠰᠢᠯᠢᠳᠡᠭ ᠪᠠᠭᠰᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ | ᠦᠷᠨᠢᠭᠦᠯᠬᠦ ᠶᠢᠨ ᠬᠠᠮᠲᠤ ᠰᠤᠷᠤᠯᠴᠠᠬᠤ ᠲᠠᠭᠤᠷᠢᠶᠠᠯ ᠪᠤᠯᠠᠭᠠᠨ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠳᠠᠯᠳᠠ ᠬᠡᠮ ᠰᠣᠭᠤᠭ ᠢ ᠨᠠᠷᠢᠨ ᠬᠢᠨᠠᠮᠠᠭᠠᠢ ᠪᠠᠶᠢᠴᠠᠭᠠᠵᠤ᠂ ᠪᠠᠭᠰᠢ ᠰᠤᠷᠤᠭᠴᠢᠳ ᠤᠨ ᠠᠮᠤᠷ | ᠲᠦᠪᠰᠢᠨ ᠢ ᠬᠠᠮᠠᠭᠠᠯᠠᠬᠤ ᠬᠡᠷᠡᠭᠲᠡᠢ ᠭᠡᠪᠡ᠃ | ᠳᠡᠳ᠋ ᠬᠤᠰᠢᠭᠤ ᠳᠠᠷᠤᠭ᠎ᠠ ᠶᠣᠣ ᠬᠠᠢ ᠰᠢᠶᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ |