3 ᠰᠠᠷ᠎ᠠ ᠶᠢᠨ 14 ᠤ ᠡᠳᠦᠷ᠂ ᠬᠠᠳᠠᠪᠴᠢ ᠪᠠᠯᠭᠠᠰᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠠᠷᠠᠳ | ᠤᠨ ᠲᠥᠯᠥᠭᠡᠯᠡᠭᠴᠢ ᠡᠷᠳᠡᠨᠢᠳᠠᠯᠠᠢ ᠶᠢ ᠤᠷᠢᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠵᠤ᠂ ᠬᠠᠳᠠᠪᠴᠢ ᠪᠠᠯᠭᠠᠰᠤᠨ ᠤ ᠬᠠᠮᠳᠤᠷᠠᠭᠰᠠᠨ ᠨᠠᠮ ᠤᠨ ᠬᠤᠷᠢᠶᠠᠨ ᠤ ᠡᠯ᠎ᠡ | ᠪᠦᠷᠢᠯᠳᠦᠬᠦᠨ ᠨᠢᠭᠡᠴᠡ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ᠂ ᠭᠠᠴᠠᠭᠠᠨ ᠤ ︽ᠬᠤᠶᠠᠷ ᠵᠥᠪᠯᠡᠯ︾ | ᠤᠨ ᠪᠦᠷᠢᠯᠳᠦᠬᠦᠨ 50 ᠭᠠᠷᠤᠶ ᠬᠥᠮᠦᠨ ᠣᠷᠣᠯᠴᠠᠵᠠᠶ᠃ | ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠡᠷᠳᠡᠨᠢᠳᠠᠯᠠᠢ ᠪᠦᠬᠦ ᠤᠯᠤᠰ ᠤᠨ ᠬᠤᠶᠠᠷ ᠬᠤᠷᠠᠯ ᠤᠨ | ᠴᠢᠬᠤᠯᠠ ᠶᠡᠭᠡ ᠠᠴᠢ ᠬᠤᠯᠪᠣᠭᠳᠠᠯ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠵᠡᠷᠭᠡ ᠤᠯᠠᠨ ᠲᠠᠯ᠎ᠠ ᠪᠠᠷ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠪᠠ᠃ | ᠰᠤᠷᠤᠯᠴᠠᠬᠤ ᠬᠤᠷᠠᠯ ᠢᠶᠠᠷ ᠳᠠᠮᠵᠢᠨ᠂ ᠤᠯᠠᠨ ᠢᠶᠠᠷ ᠢᠶᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠨᠡᠩ ᠭᠦᠨᠵᠡᠭᠡᠢ ᠣᠶᠢᠯᠠᠭᠠᠬᠤ ᠶᠢᠨ ᠬᠠᠮᠲᠤ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠠᠵᠢᠯ ᠢ | ᠰᠠᠶᠢᠲᠤᠷ ᠬᠢᠬᠦ ᠲᠤᠬᠠᠢ ᠨᠡᠩ ᠲᠣᠳᠣᠷᠬᠠᠢ ᠬᠠᠷᠠᠯᠲᠠ ᠪᠠ ᠴᠢᠭᠯᠡᠯ ᠲᠠᠢ ᠪᠣᠯᠪᠠ᠃ ᠲᠠᠷᠠᠭᠠᠴᠢ ᠶᠢᠨ ᠠᠯᠬᠤᠮ ᠳᠤ᠂ | ᠬᠠᠳᠠᠪᠴᠢ ᠪᠠᠯᠭᠠᠰᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ | ᠰᠠᠶᠢᠲᠤᠷ ᠤᠬᠠᠭᠤᠯᠬᠤ ᠶᠢᠨ ᠬᠠᠮᠲᠤ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠬᠢᠵᠦ ᠦᠶᠯᠡᠰ ᠪᠤᠰᠬᠠᠬᠤ | ᠡᠷᠡᠰ ᠵᠣᠷᠢᠭ ᠪᠠ ᠬᠠᠷᠢᠭᠤᠴᠠᠯᠭ᠎ᠠ ᠡᠭᠦᠷᠭᠡᠯᠡᠯ ᠪᠣᠯᠭᠠᠨ ᠬᠤᠪᠢᠷᠠᠭᠤᠯᠵᠤ᠂ ᠵᠣᠷᠢᠭᠲᠠᠶ ᠪᠠᠷ ᠲᠡᠮᠡᠴᠡᠬᠦ᠂ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠨᠠᠷᠢᠨ ᠬᠢᠨᠠᠮᠠᠭᠠᠢ ᠠᠵᠢᠯ ᠤᠨ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠨᠠᠩ | ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠨᠠᠩ ᠶᠡᠭᠡ ᠡᠷᠴᠢᠮ ᠢᠶᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠴᠢᠷᠮᠠᠶᠢᠨ᠎ᠠ᠃ | |