ᠳᠠᠭᠤᠳᠤᠨᠠᠭᠤᠷ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠠᠷᠠᠳᠴᠢᠯᠠᠯ ᠢᠶᠠᠷ ᠦᠨᠡᠯᠡᠯᠲᠡ ᠬᠢᠬᠦ ᠨᠠᠮ ᠤᠨ ᠭᠡᠰᠢᠭᠦᠨ ᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/24
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠎ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠎ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠠᠮ ᠤᠨ ᠡᠭᠦᠷ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠭᠡᠰᠢᠭᠦᠨ ᠤ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 5᠎ ᠤ ᠦᠳᠡ ᠶᠢᠨ ᠡᠮᠦᠨ᠎ᠡ᠂ ᠳᠠᠭᠤᠳᠤᠨᠠᠭᠤᠷ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠶᠡᠭᠡ ᠬᠤᠷᠠᠯ ᠬᠤᠷᠠᠯᠳᠤᠭᠤᠯᠪᠠ᠃ ᠬᠤᠷᠠᠯ ᠢ ᠳᠠᠭᠤᠳᠤᠨᠠᠭᠤᠷ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠮᠠ ᠵᠧᠨ ᠬᠤᠸᠠ ᠨᠥᠬᠦᠷ ᠡᠷᠭᠢᠯᠡᠵᠦ᠂ ᠪᠠᠶᠢᠭᠤᠯᠭ᠎ᠠ ᠶᠢᠨ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠳ ᠬᠤᠷᠠᠯ ᠳᠤ ᠣᠷᠣᠯᠴᠠᠪᠠ᠃      ᠡᠩ ᠲᠡᠷᠢᠭᠦᠨ ᠳᠤ᠂ ᠳᠤᠮᠳᠠᠳᠤ ᠤᠯᠤᠰ  ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ《 2024 ᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠪᠠ ᠨᠠᠮ ᠤᠨ ᠭᠡᠰᠢᠭᠦᠨ ᠢ ᠠᠷᠠᠳᠴᠢᠯᠠᠯ ᠎ ᠢᠶᠠᠷ ᠦᠨᠡᠯᠡᠬᠦ ᠶᠢ ᠥᠷᠨᠢᠭᠦᠯᠬᠦ ᠲᠤᠬᠠᠢ ᠮᠡᠳᠡᠭᠳᠡᠯ 》 ( ᠵᠡᠭᠦᠨ ᠨᠠᠮ ᠤᠨ ᠤᠳᠤᠷᠢᠳᠬᠤ ᠳᠤᠭᠤᠶᠢᠯᠠᠩ ᠲᠠᠷᠬᠠᠭᠠᠭᠰᠠᠨ 2025 ᠲᠣᠭᠠᠲᠤ)᠎ ᠤᠨ ᠱᠠᠭᠠᠷᠳᠠᠯᠭ᠎ᠠ ᠶᠣᠰᠣᠭᠠᠷ᠂ ᠪᠦᠬᠦ ᠨᠠᠮ ᠤᠨ ᠭᠡᠰᠢᠭᠦᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠲᠦᠷᠦᠭᠦᠯᠡᠨ ᠴᠢᠩᠭ᠎ᠠ ᠰᠠᠬᠢᠬᠤ ᠪᠠᠷ         ᠭᠤᠤᠯᠳᠠᠭᠤᠯᠵᠤ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ᠂ ᠲᠦᠷᠦᠭᠦᠯᠡᠨ ᠨᠠᠮᠴᠢ ᠴᠢᠨᠠᠷ ᠢ        ᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠬᠡᠪ ᠰᠤᠷᠲᠠᠯ ᠢᠶᠠᠨ ᠬᠠᠲᠠᠭᠤᠵᠢᠭᠤᠯᠬᠤ᠂ ᠲᠦᠷᠦᠭᠦᠯᠡᠨ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠰᠠᠬᠢᠵᠤ᠂ ᠠᠷᠢᠭᠤᠨ ᠴᠢᠬᠡᠴᠢ ᠪᠠᠶᠬᠤ ᠤᠷᠢᠲᠠᠯ ᠳᠣᠤᠷ᠎ᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠲᠦᠷᠦᠭᠦᠯᠡᠨ ᠭᠦᠶᠴᠡᠳᠬᠡᠬᠦ ᠳᠥᠷᠪᠡᠨ ᠲᠠᠯ᠎ᠠ ᠪᠠᠷ ᠬᠠᠷᠭᠤᠭᠤᠯᠤᠨ ᠪᠠᠶᠢᠴᠠᠭᠠᠪᠠ᠂ ᠨᠠᠮ ᠤᠨ ᠡᠭᠦᠷ ᠤᠨ ᠨᠠᠮ ᠤᠨ ᠭᠡᠰᠢᠭᠦᠨ ᠨᠢᠭᠡᠪᠦᠷᠢ ᠳᠠᠷᠠᠭᠠᠯᠠᠨ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ᠂ ᠪᠤᠰᠤᠳ ᠨᠠᠮ ᠤᠨ ᠭᠡᠰᠢᠭᠦᠨ ᠲᠡᠭᠦᠨ ᠢ ᠰᠢᠭᠦᠮᠵᠢᠯᠡᠭᠦᠯᠪᠡ᠃      ᠳᠠᠷᠠᠭᠠᠯᠠᠪᠠᠯ᠂ ᠨᠠᠮ ᠤᠨ ᠭᠡᠰᠢᠭᠦᠨ ᠤ ᠢᠯᠡᠷᠡᠯ ᠢ ᠬᠡᠮᠵᠢᠶᠡᠯᠡᠵᠦ᠂ ᠨᠠᠮ ᠤᠨ ᠭᠡᠰᠢᠭᠦᠨ ᠢ ᠴᠠᠭ ᠢᠮᠠᠭᠲᠠ ᠥᠪᠡᠷ ᠢ ᠪᠠᠨ ᠴᠢᠩᠭ᠎ᠠ ᠱᠠᠭᠠᠷᠳᠠᠬᠤ ᠪᠣᠯᠭᠠᠬᠤ ᠶᠢᠨ ᠲᠥᠯᠥᠭᠡ᠂ ᠪᠦᠬᠦ ᠨᠠᠮ ᠤᠨ ᠭᠡᠰᠢᠭᠦᠨ ᠠᠷᠠᠳᠴᠢᠯᠠᠯ ᠢᠶᠠᠷ ᠦᠨᠡᠯᠡᠬᠦ ᠨᠠᠮ ᠤᠨ ᠭᠡᠰᠢᠭᠦᠨ ᠤ ᠰᠢᠯᠭᠠᠨ ᠦᠨᠡᠯᠡᠬᠦ ᠬᠦᠰᠦᠨᠦᠭᠲᠦ ᠶᠢ ᠲᠠᠭᠯᠠᠪᠠ᠃      ᠡᠴᠦᠰ ᠲᠤ᠂ ᠳᠠᠭᠤᠳᠤᠨᠠᠭᠤᠷ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠴᠢᠶᠣᠤ ᠰᠢᠶᠤᠤ ᠭᠤᠸᠠᠩ ᠨᠥᠬᠦᠷ ᠵᠢᠯᠣᠭᠤᠳᠬᠤ ᠴᠢᠨᠠᠷᠲᠠᠶ ᠦᠨᠡᠯᠡᠯᠲᠡ ᠬᠢᠵᠦ᠂ ᠪᠥᠬᠦ ᠨᠠᠮ ᠤᠨ ᠭᠡᠰᠢᠭᠦᠳ ᠦᠵᠡᠯ ᠰᠠᠨᠠᠭᠠᠨ ᠤ ᠮᠥᠷᠭᠦᠯᠳᠦᠭᠡᠨ ᠤ ᠳᠤᠮᠳᠠ ᠪᠦᠯᠬᠦᠮᠳᠡᠯ ᠢᠶᠠᠨ ᠴᠢᠩᠭᠠᠳᠬᠠᠵᠤ᠂ ᠠᠰᠠᠭᠤᠳᠠᠯ ᠢ ᠵᠠᠳᠠᠯᠬᠤ ᠳᠤᠮᠳᠠ ᠴᠢᠭᠯᠡᠯ ᠢᠶᠠᠨ ᠣᠨᠣᠪᠴᠢᠲᠠᠶ ᠡᠷᠢᠵᠦ ᠣᠯᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠳᠠᠭᠤᠳᠤᠨᠠᠭᠤᠷ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠲᠣᠰ ᠤᠳᠠᠭ᠎ᠠ ᠶᠢᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠪᠠᠶᠢᠭᠤᠯᠤᠯᠲᠠ ᠎ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤ ᠰᠠᠬᠢᠵᠤ᠂ ᠪᠠᠶᠢᠭᠤᠯᠭ᠎ᠠ ᠎ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠤ ᠦᠵᠡᠯ ᠰᠠᠨᠠᠭ᠎ᠠ᠂ ᠦᠶᠯᠡ ᠠᠵᠢᠯᠯᠠᠭ᠎ᠠ ᠶᠢᠨ ᠲᠠᠯ᠎ᠠ ᠪᠠᠷ ᠪᠡᠶ᠎ᠡ ᠪᠠᠷ ᠎ ᠢᠶᠠᠨ ᠬᠡᠪ ᠳᠠᠭᠤᠷᠢᠶᠠᠯ ᠪᠣᠯᠬᠤ ᠶᠢ ᠠᠬᠢᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠶᠯᠡᠳᠦᠯ ᠢ ᠰᠠᠶᠢᠲᠤᠷ ᠪᠠᠳᠠᠷᠠᠭᠤᠯᠤᠨ᠎ᠠ᠃
 
ᠢᠷᠡᠯᠲᠡ᠄ ᠲᠠᠭᠤᠳᠤᠨᠠᠭᠤᠷ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号