ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠯᠠᠪᠳᠠᠭᠤᠨ ᠪᠠᠲᠤᠲᠠᠢ | ᠠᠬᠢᠭᠤᠯᠬᠤ ᠶᠢᠨ ᠲᠥᠯᠥᠭᠡ᠂ 2025 ᠣᠨ ᠤ 3 ᠰᠠᠷ᠎ᠠ ᠶᠢᠨ 14 ᠤ ᠡᠳᠦᠷ᠂ ᠵᠡᠭᠦᠨ ᠦᠵᠦᠮᠦᠴᠢᠨ | ᠬᠤᠰᠢᠭᠤᠨ ᠤ ᠭᠠᠬᠢᠯ ᠰᠤᠮᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠠᠵᠢᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠵᠠᠰᠠᠭ ᠤᠨ | ᠤᠳᠤᠷᠢᠳᠬᠤ ᠪᠠᠭ ᠤᠨ ᠭᠡᠰᠢᠭᠦᠨ᠂ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠣᠮᠣᠨ ᠤ ᠨᠠᠮ ᠤᠨ ᠬᠤᠷᠢᠶ᠎ᠠ ᠶᠢᠨ ᠱᠦᠵᠢ ᠠᠴᠠ ᠬᠤᠰᠢᠭᠤ ᠨᠠᠮ ᠤᠨ ᠬᠤᠷᠢᠶ᠎ᠠ ᠶᠢᠨ | ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠰᠠᠨᠠᠯ ᠢ ᠵᠠᠷᠯᠠᠨ ᠮᠡᠳᠡᠭᠳᠡᠭᠰᠡᠨ ᠪᠥᠭᠡᠳ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠂ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠪᠠᠶᠢᠳᠠᠯ ᠵᠡᠷᠭᠡ ᠲᠠᠯ᠎ᠠ ᠪᠠᠷ ᠪᠥᠬᠦ ᠲᠠᠯ᠎ᠠ ᠶᠢᠨ | ᠳ᠋ᠦᠩᠨᠡᠯᠲᠡ ᠬᠢᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ | ᠰᠠᠶᠢᠲᠤᠷ ᠠᠳᠬᠤᠨ ᠬᠦᠢᠴᠡᠳ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠨᠲᠡ ᠪᠡᠶᠡᠯᠡᠭᠦᠯᠦᠭᠰᠡᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ︽ᠳᠠᠬᠢᠨ ᠪᠠᠶᠢᠴᠠᠭᠠᠨ ᠦᠵᠡᠵᠤ︾᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠪᠠᠲᠤᠳᠬᠠᠨ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠨ᠎ᠡ᠃ | ᠴᠡᠭᠴᠡᠯᠡᠨ ᠰᠠᠶᠢᠵᠢᠷᠠᠭᠤᠯᠬᠤ ᠠᠵᠢᠯ ᠤᠨ ᠶᠠᠰᠤ ᠴᠢᠨᠠᠷ ᠢᠶᠠᠷ ᠠᠨᠠᠢ᠂ ᠦᠷ᠎ᠡ ᠪᠦᠲᠦᠮᠵᠢ ᠪᠠᠷ ᠲᠤᠲᠠᠮᠠᠭ ᠪᠠᠶᠢᠳᠠᠯ | ᠤᠷᠤᠰᠢᠪᠠᠯ᠂ ᠴᠠᠭ ᠲᠤᠬᠠᠢ ᠳᠤᠨᠢ ᠰᠢᠯᠲᠠᠭᠠᠨ ᠢ ᠨᠢ ᠵᠠᠳᠠᠯᠵᠤ᠂ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ | ᠡᠭᠦᠷᠭᠡ ᠨᠢᠭᠡᠪᠦᠷᠢ ᠶᠢᠨ ᠴᠡᠭᠴᠡᠯᠡᠨ ᠰᠠᠶᠢᠵᠢᠷᠠᠭᠤᠯᠤᠯᠲᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ᠃ ︽ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠪᠠᠭ᠎ᠠ ᠠᠴᠠ ᠶᠡᠭᠡ ᠶᠢ | ᠦᠵᠡᠬᠦ ︾ ᠶᠢ ᠪᠠᠷᠢᠮᠲᠠᠯᠠᠨ᠂ ᠣᠨᠴᠠ ᠵᠠᠷᠢᠮ ᠠᠰᠠᠭᠤᠳᠠᠯ ᠤᠨ ᠳᠤᠮᠳᠠ ᠠᠴᠠ ᠨᠡᠶᠢᠲᠡᠯᠢᠭ ᠴᠢᠨᠠᠷᠲᠠᠢ ᠠᠰᠠᠭᠤᠳᠠᠯ ᠢ | ᠢᠯᠡᠷᠡᠭᠦᠯᠵᠦ᠂ ᠳᠦᠷᠢᠮ ᠤᠨ ᠳᠤᠲᠠᠭᠳᠠᠯ ᠢ ᠤᠯᠠᠮ ᠨᠢᠭᠡ ᠠᠯᠬᠤᠮ ᠨᠥᠬᠦᠪᠦᠷᠢᠯᠡᠨ᠂ ᠳᠦᠷᠢᠮ ᠤᠨ ᠰᠢᠩᠭᠡᠯᠢᠭ ᠢ | ᠴᠢᠩᠭ᠎ᠠ ᠰᠦᠯᠵᠢᠵᠦ᠂ ᠠᠯᠤᠰ ᠭᠡᠳᠤ ᠶᠢ ᠬᠠᠮᠢᠶᠠᠷᠬᠤ ᠳᠦᠷᠢᠮ ᠤᠨ ᠰᠢᠰᠲ᠋ᠧᠮ ᠢ ᠴᠢᠷᠮᠠᠶᠢᠨ ᠪᠤᠢ ᠪᠤᠯᠭᠠᠬᠤ | ᠬᠡᠷᠡᠭᠲᠡᠢ᠃ ᠭᠤᠷᠪᠠ ᠳᠤ᠂ ᠪᠦᠬᠦᠯᠢ ᠴᠣᠭᠴᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ | ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠨᠡᠩ ᠴᠢᠩᠭ᠎ᠠ ᠤᠯᠤᠰ ᠲᠦᠷᠦ ᠶᠢᠨ | ᠬᠠᠷᠢᠭᠤᠴᠠᠯᠭ᠎ᠠ ᠪᠠᠷ ᠲᠣᠭᠤᠷᠢᠨ ᠪᠠᠶᠢᠴᠠᠭᠠᠬᠤ ︽ᠰᠡᠭᠦᠯᠴᠢ ᠶᠢᠨ ᠬᠠᠭᠠᠰ ᠵᠣᠬᠢᠶᠠᠯ︾ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠨᠡᠨᠬᠦ ᠭᠠᠬᠢᠯ ᠰᠤᠮᠤᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠰᠢᠯᠢᠳᠡᠭ ᠰᠠᠶᠢᠨ ᠠᠵᠢᠯ ᠤᠨ ᠠᠮᠵᠢᠯᠲᠠ ᠪᠠᠷ ᠢᠶᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠮᠵᠢ ᠪᠠᠨ ᠢᠯᠡᠷᠡᠭᠦᠯᠬᠦ ᠬᠡᠷᠡᠭᠲᠡᠢ ᠭᠡᠪᠡ᠃ |