ᠭᠠᠬᠢᠯ ᠰᠤᠮᠤᠨ ᠤ ᠷᠠᠰᠢᠶᠠᠨᠪᠤᠯᠠᠭ ᠭᠠᠴᠠᠭ᠎ᠠ ᠨᠢ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
     3 ᠰᠠᠷ᠎ᠠ ᠶᠢᠨ 14᠎ ᠤ ᠡᠳᠦᠷ᠂ ᠭᠠᠬᠢᠯ ᠰᠤᠮᠤᠨ ᠤ ᠷᠠᠰᠢᠶᠠᠨᠪᠤᠯᠠᠭ ᠭᠠᠴᠠᠭ᠎ᠠ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠷᠠᠯ ᠢ  ᠷᠠᠰᠢᠶᠠᠨᠪᠤᠯᠠᠭ ᠭᠠᠴᠠᠭᠠᠨ ᠤ ᠨᠠᠮ ᠤᠨ ᠡᠭᠦᠷ ᠤᠨ ᠱᠦᠵᠢ ᠡᠷᠭᠢᠯᠡᠵᠦ᠂  ᠷᠠᠰᠢᠶᠠᠨᠪᠤᠯᠠᠭ ᠭᠠᠴᠠᠭᠠᠨ ᠤ ︽ᠬᠤᠶᠠᠷ ᠵᠥᠪᠯᠡᠯ︾᠎ ᠤᠨ ᠭᠡᠰᠢᠭᠦᠨ᠂ ᠬᠡᠰᠡᠭ ᠨᠠᠮ ᠤᠨ ᠭᠡᠰᠢᠭᠦᠨ ᠵᠢᠴᠢ ᠠᠷᠠᠳ ᠤᠨ ᠲᠥᠯᠥᠭᠡᠯᠡᠭᠴᠢᠳ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠭᠠᠴᠠᠭᠠᠨ ᠤ ᠨᠠᠮ ᠤᠨ ᠡᠭᠦᠷ ᠤᠨ ᠱᠦᠵᠢ ᠷᠠᠰᠢᠶᠠᠨᠪᠤᠯᠠᠭ ᠭᠠᠴᠠᠭᠠᠨ ᠤ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠦᠭᠰᠡᠨ ᠪᠠᠶᠢᠳᠠᠯ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠲᠡ ᠬᠢᠵᠡᠢ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠭᠠᠴᠠᠭᠠᠨ ᠤ ᠨᠠᠮ ᠤᠨ ᠡᠭᠦᠷ ᠲᠣᠰ ᠤᠳᠠᠭᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠰᠠᠭᠤᠳᠠᠯ ᠤᠨ ᠪᠣᠶ ᠪᠣᠯᠤᠭᠰᠠᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠤᠨ ᠰᠢᠨᠵᠢᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠬᠤᠶᠢᠰᠢᠳᠠ ᠶᠢᠨ ᠨᠢᠭᠡ ᠵᠦᠢᠯ ᠤᠨ ᠴᠢᠬᠤᠯᠠ ᠡᠭᠦᠷᠭᠡ ᠪᠣᠯᠭᠠᠨ ᠠᠳᠬᠤᠵᠤ᠂ ᠨᠠᠮ  ᠎ ᠠᠴᠠ ᠨᠠᠮ  ᠎ ᠢ ᠬᠠᠮᠢᠶᠠᠷᠬᠤ᠂ ᠨᠠᠮ  ᠎ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠣᠰᠣᠭᠠᠷ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ  ᠎ ᠢ ᠵᠢᠷᠤᠮᠵᠢᠭᠤᠯᠤᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠡᠬᠢ ᠡᠭᠦᠰᠦᠯ ᠠᠴᠠ ᠨᠢ ᠪᠠᠲᠤᠯᠠᠬᠤ ᠬᠡᠷᠡᠭᠲᠡᠢ᠃ ᠬᠤᠶᠠᠷ ᠲᠤ᠂ ᠭᠠᠴᠠᠭᠠᠨ ᠤ ︽ᠬᠤᠶᠠᠷ ᠵᠥᠪᠯᠡᠯ︾᠎ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ︽ᠳᠥᠷᠪᠡᠨ ᠤᠬᠠᠮᠰᠠᠷ︾᠎ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠨᠢᠭᠡᠨᠲᠡ ᠪᠡᠶᠡᠯᠡᠭᠦᠯᠦᠭᠰᠡᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠷᠢᠨ ᠬᠢᠨᠠᠮᠠᠭᠠᠢ ᠥᠷᠨᠢᠭᠦᠯᠵᠦ᠂ ︽ᠡᠷᠬᠢᠨ ᠬᠠᠷᠠᠬᠤ︾ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂  ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ  ᠭᠡᠵᠠᠢ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号