3 ᠰᠠᠷ᠎ᠠ ᠶᠢᠨ 12 ᠤ ᠡᠳᠦᠷ᠂ ᠡᠵᠢᠨᠠᠭᠤᠷ ᠪᠠᠯᠭᠠᠰᠤ ᠶᠢᠨ ᠠᠶᠤᠯᠭᠦᠢ ᠦᠢᠯᠡᠳᠪᠦᠷᠢᠯᠡᠯ ᠤᠨ ᠬᠤᠪᠢᠳᠠᠨ | ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠠᠷᠢᠶᠠᠲᠤ ᠣᠷᠣᠨ ᠤ ᠬᠠᠷᠠᠭᠠᠲᠤ ᠠᠭᠤᠷᠬᠠᠶ ᠶᠢᠨ ᠦᠢᠯᠡᠰ ᠤᠨ ᠬᠢᠵᠠᠭᠠᠷᠲᠤ | ᠺᠣᠮᠫᠠᠨᠢ᠂ ᠡᠵᠢᠨᠠᠭᠤᠷ ᠤᠨ ᠳᠠᠪᠤᠰᠤ ᠦᠢᠯᠡᠳᠬᠦ ᠬᠢᠵᠠᠭᠠᠷᠲᠤ ᠺᠣᠮᠫᠠᠨᠢ ᠵᠡᠷᠭᠡ ᠭᠤᠤᠯᠳᠠᠯᠭ᠎ᠠ ᠲᠠᠢ ᠠᠵᠤ | ᠠᠬᠤᠶᠢᠯᠠᠯ ᠳᠤ ᠭᠦᠨᠵᠡᠭᠡᠶᠢᠷᠡᠨ᠂ ᠬᠠᠪᠤᠷ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠵᠢᠴᠢ ᠭᠠᠯ ᠰᠡᠷᠭᠡᠶᠢᠯᠡᠬᠦ | ᠠᠵᠢᠯ ᠤᠨ ᠪᠠᠶᠢᠴᠠᠭᠠᠯᠲᠠ ᠶᠢ ᠥᠷᠨᠢᠭᠦᠯᠵᠦ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ | ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ | ᠪᠠᠶᠢᠴᠠᠭᠠᠬᠤ ᠳᠤᠭᠤᠶᠢᠯᠠᠩ ᠨᠢ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠶᠠᠷᠢᠯᠴᠠᠨ ᠰᠣᠯᠢᠯᠴᠠᠬᠤ ᠠᠷᠭ᠎ᠠ | ᠬᠡᠯᠪᠡᠷᠢ ᠪᠠᠷ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠭᠠᠯ | ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠬᠤ᠂ ᠴᠠᠬᠢᠯᠭᠠᠨ ᠤ ᠱᠤᠭᠤᠮ ᠤᠨ ᠠᠶᠤᠯᠭᠦᠶ ᠪᠠᠶᠢᠬᠤ ᠵᠡᠷᠭᠡ ᠤᠯᠠᠨ | ᠲᠠᠯ᠎ᠠ ᠪᠠᠷ ᠪᠠᠶᠢᠴᠠᠭᠠᠯᠲᠠ ᠬᠢᠪᠡ᠃ ᠲᠤᠬᠠᠶ ᠶᠢᠨ ᠭᠠᠵᠠᠷ ᠲᠤᠨᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ | ᠪᠦᠳᠦᠮᠵᠢᠲᠦ ᠴᠢᠨᠠᠷ ᠢ ᠰᠢᠯᠭᠠᠵᠤ᠂ ᠠᠮᠤᠷ ᠲᠦᠪᠰᠢᠨ ᠢᠶᠠᠷ ᠨᠡᠪᠲᠡᠷᠡᠬᠦ ᠵᠠᠮ ᠤᠨ ᠰᠠᠭᠠᠳ ᠥᠬᠡᠶ ᠪᠠᠶᠢᠬᠤ ᠡᠰᠡᠬᠦ ᠶᠢ | ᠪᠠᠶᠢᠴᠠᠭᠠᠨ ᠦᠵᠡᠬᠦ ᠶᠢᠨ ᠬᠠᠮᠲᠤ ᠪᠠᠰᠠ ᠠᠵᠢᠯᠲᠠᠳ ᠤᠨ ᠠᠮᠤᠷ ᠲᠦᠪᠰᠢᠨ ᠤ ᠪᠣᠯᠪᠠᠰᠤᠷᠠᠭᠤᠯᠤᠯ ᠵᠢᠴᠢ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠠᠶᠢᠴᠠᠭᠠᠨ ᠦᠵᠡᠪᠡ᠃ ᠡᠭᠦᠨ ᠤ ᠵᠡᠷᠭᠡᠪᠡᠷ᠂ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠤᠬᠠᠮᠰᠠᠷ ᠢ | ᠴᠢᠩᠭᠠᠳᠬᠠᠬᠤ ᠶᠢᠨ ᠲᠥᠯᠥᠭᠡ᠂ ︽2025 ᠣᠨ ᠤ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ | ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠲᠣᠳᠣᠷᠬᠠᠶᠢᠯᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠠᠢ᠃ | ᠳᠠᠷᠠᠭᠠᠴᠢ ᠶᠢᠨ ᠠᠯᠬᠤᠮ ᠳᠤ᠂ ᠡᠵᠢᠨᠠᠭᠤᠷ ᠪᠠᠯᠭᠠᠰᠤ ᠨᠢ ᠬᠠᠷᠢᠶ᠎ᠠ ᠣᠷᠣᠨ ᠳᠠᠬᠢ ᠠᠵᠤ ᠠᠬᠤᠶᠢᠯᠠᠯ ᠢ | ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ ᠡᠵᠡᠩᠨᠡᠯᠲᠡ ᠶᠢᠨ ᠭᠤᠣᠯ ᠴᠣᠭᠴᠠ ᠶᠢᠨ | ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠪᠦᠬᠦ | ᠪᠠᠯᠭᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠦᠨ᠎ᠡ᠃ |