ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ᠂ ᠠᠮᠢ ᠠᠬᠤᠶ ᠶᠢᠨ ᠬᠠᠮᠠᠭᠠᠯᠠᠯᠲᠠ᠂ ᠠᠵᠤ ᠦᠢᠯᠡᠰ ᠤᠨ | ᠬᠥᠭᠵᠢᠯᠲᠡ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠡᠯ᠎ᠡ ᠲᠥᠷᠥᠯ ᠤᠨ ᠭᠤᠤᠯᠳᠠᠯᠭ᠎ᠠ ᠲᠠᠢ ᠠᠵᠢᠯ ᠤᠨ | ᠠᠬᠢᠴᠠ ᠶᠢᠨ ᠪᠠᠶᠢᠳᠠᠯ ᠢ ᠭᠦᠨᠵᠡᠭᠡᠶ ᠣᠶᠢᠯᠠᠭᠠᠬᠤ ᠶᠢᠨ ᠲᠥᠯᠥᠭᠡ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ | ᠪᠠᠭ ᠤᠨ ᠭᠡᠰᠢᠭᠦᠳ ᠤᠷᠢᠳ ᠬᠤᠵᠢᠳ ᠭᠠᠴᠠᠭᠠᠨ ︵ᠨᠡᠶᠢᠭᠡᠮ ᠲᠣᠭᠤᠷᠢᠭ︶ ᠤ ᠨᠠᠮ ᠤᠨ ᠭᠡᠰᠢᠭᠦᠨ ᠪᠠ ᠣᠯᠠᠨ | ᠲᠦᠮᠡᠨ ᠳᠤ ᠦᠢᠯᠡᠴᠢᠯᠡᠬᠦ ᠲᠥᠪ᠂ ᠠᠵᠤ ᠦᠢᠯᠡᠰ ᠤᠨ ᠲᠥᠷᠥᠯ ᠵᠦᠢᠯ ᠤᠨ ᠰᠠᠭᠤᠷᠢᠨ ᠭᠠᠵᠠᠷ᠂ ᠳᠠᠪᠤᠰᠤᠨ | ᠲᠠᠯᠠᠪᠠᠶ ᠶᠢᠨ ᠳᠤᠯᠠᠭᠠᠯᠠᠭ᠎ᠠ ᠶᠢᠨ ᠺᠣᠮᠫᠠᠨᠢ ᠵᠢᠴᠢ ᠡᠵᠢ ᠨᠠᠭᠤᠷ ᠵᠡᠷᠭᠡ ᠭᠠᠵᠠᠷ ᠲᠤ ᠬᠦᠷᠴᠦ ᠪᠠᠶᠢᠴᠠᠭᠠᠨ | ᠰᠤᠳᠤᠯᠤᠯᠲᠠ ᠬᠢᠪᠠ᠃ | ᠪᠠᠶᠢᠴᠠᠭᠠᠨ ᠰᠤᠳᠤᠯᠤᠯᠲᠠ ᠳᠤᠮᠳᠠ᠂ ᠬᠠᠷᠠᠭᠠᠲᠤ ᠭᠠᠴᠠᠭ᠎ᠠ᠂ ᠪᠠᠨᠽᠠᠨ ᠬᠠᠰᠢᠶᠠᠲᠤ ᠨᠡᠶᠢᠭᠡᠮ ᠲᠣᠭᠤᠷᠢᠭ᠂ | ᠰᠠᠶᠢᠬᠤᠰᠣ ᠭᠠᠴᠠᠭᠠᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠲᠤ᠂ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠴᠣᠩᠬᠤ ᠶᠢᠨ ᠲᠣᠬᠢᠷᠠᠭᠤᠯᠤᠯᠲᠠ ᠪᠠ ᠲᠤᠬᠠᠶᠢᠯᠠᠭᠰᠠᠨ ᠠᠵᠢᠯ ᠤᠨ | ᠭᠦᠢᠴᠡᠳᠬᠡᠬᠦ ᠶᠠᠪᠤᠴᠠ ᠶᠢ ᠪᠠᠶᠢᠴᠠᠭᠠᠨ ᠦᠵᠡᠪᠡ᠃ ᠠᠷᠠᠳ ᠤᠨ ᠲᠥᠯᠥᠭᠡᠯᠡᠭᠴᠢ ᠶᠢᠨ ᠵᠣᠭᠤᠭᠳᠠᠬᠤ ᠥᠷᠥᠭᠡ᠂ | ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠨᠠᠰᠤᠵᠢᠯ ᠤᠨ ᠦᠢᠯᠡᠴᠢᠯᠡᠭᠡᠨ ᠤ ᠲᠥᠪ ᠲᠤ ᠬᠦᠷᠴᠦ | ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠪᠠ᠃ | ᠡᠵᠢᠨᠠᠭᠤᠷ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠡᠬᠡᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ᠂ | ᠡᠵᠢᠨᠠᠭᠤᠷ ᠬᠠᠤᠯᠢ ᠴᠠᠭᠠᠵᠠ ᠶᠢᠨ ᠰᠠᠯᠪᠤᠷᠢ ᠳᠤ᠂ ᠭᠠᠵᠠᠷ ᠣᠷᠣᠨ ᠤ ᠭᠠᠵᠠᠷ ᠵᠦᠶ ᠶᠢᠨ ᠪᠠᠶᠢᠳᠠᠯ᠂ ᠬᠥᠮᠦᠨ | ᠠᠮᠠ ᠶᠢᠨ ᠪᠦᠲᠦᠴᠡ᠂ ᠠᠮᠤᠷ ᠲᠦᠪᠰᠢᠨ ᠤ ᠪᠠᠶᠢᠳᠠᠯ ᠢ ᠨᠠᠷᠢᠨ ᠣᠶᠢᠯᠠᠭᠠᠵᠤ᠂ ᠬᠢᠯᠢ ᠶᠢᠨ ᠬᠠᠮᠠᠭᠠᠯᠠᠯᠲᠠ ᠶᠢᠨ | ᠥᠷᠲᠡᠭᠡ ᠶᠢᠨ ᠬᠥᠭᠵᠢᠯᠲᠡ ᠶᠢᠨ ᠶᠠᠪᠤᠴᠠ ᠵᠡᠷᠭᠡ ᠶᠢ ᠲᠣᠭᠤᠷᠢᠨ ᠦᠵᠡᠪᠡ᠃ ᠡᠵᠢ ᠶᠢᠨ ᠭᠤᠪᠢ ᠠᠮᠢᠳᠤ ᠮᠠᠯ ᠤᠨ | ᠰᠣᠯᠢᠯᠴᠠᠭᠠᠨ ᠤ ᠵᠠᠬ᠎ᠠ᠂ ᠬᠠᠷᠠᠭᠠᠲᠤ ᠭᠠᠴᠠᠭᠠᠨ ᠤ ᠲᠡᠵᠢᠭᠡᠯ ᠪᠣᠷᠳᠤᠭ᠎ᠠ ᠡᠳ᠋ᠰᠢᠭᠦᠯᠬᠦ ᠦᠢᠯᠡᠳᠪᠦᠷᠢ᠂ ᠰᠠᠶᠢᠬᠤᠰᠣ | ᠭᠠᠴᠠᠭᠠᠨ ᠤ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ᠂ ᠠᠮᠢᠳᠤ ᠮᠠᠯ ᠤᠨ ᠠᠷᠠᠯᠵᠢᠶᠠᠨ ᠤ ᠬᠡᠮᠵᠢᠶ᠎ᠡ᠂ | ᠦᠨ᠎ᠡ ᠪᠠ ᠶᠠᠪᠤᠴᠠ ᠶᠢ ᠪᠥᠬᠦ ᠲᠠᠯ᠎ᠠ ᠪᠠᠷ ᠣᠶᠢᠯᠠᠭᠠᠵᠤ᠂ ︿ᠭᠠᠴᠠᠭᠠᠨ ᠤ ᠨᠠᠮ ᠤᠨ ᠡᠭᠦᠷ + ᠵᠠᠬ᠎ᠠ ᠳᠡᠯᠭᠡᠭᠦᠷ | + ᠮᠠᠯᠵᠢᠬᠤ ᠡᠷᠦᠬᠡ︾ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠠᠵᠢᠯᠯᠠᠭᠠᠨ ᠤ ᠣᠶᠢᠷ᠎ᠠ ᠪᠦᠲᠦᠮᠵᠢ᠂ | ᠲᠡᠵᠢᠭᠡᠯ ᠪᠣᠷᠳᠤᠭ᠎ᠠ ᠡᠳ᠋ᠰᠢᠭᠦᠯᠬᠦ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠴᠢᠳᠠᠪᠤᠷᠢ ᠵᠢᠴᠢ ᠪᠣᠷᠣᠯᠠᠭᠤᠯᠭ᠎ᠠ᠂ | ᠮᠢᠬᠠᠨ ᠬᠤᠨᠢ ᠲᠡᠵᠢᠭᠡᠨ ᠦᠷᠡᠵᠢᠭᠦᠯᠬᠦ ᠬᠡᠪᠴᠢᠶ᠎ᠡ᠂ ᠬᠢᠵᠢᠭ ᠢ ᠰᠡᠷᠭᠡᠶᠢᠯᠡᠬᠦ ᠵᠢᠴᠢ ᠠᠵᠤ ᠦᠢᠯᠡᠰ ᠤᠨ ᠵᠣᠯᠭᠠᠯᠳᠤᠯ | ᠵᠡᠷᠭᠡ ᠣᠳᠣᠬᠢ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠠᠵᠤ | ᠦᠢᠯᠡᠰ ᠤᠨ ᠲᠥᠷᠥᠯ ᠵᠦᠢᠯ ᠤᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠨᠡᠮᠡᠭᠳᠡᠯ ᠳᠤ | ᠬᠦᠴᠦᠨ ᠨᠡᠮᠡᠷᠢᠯᠡᠭᠰᠡᠨ ᠪᠠᠶᠢᠳᠠᠯ ᠢ ᠰᠣᠨᠣᠰᠪᠠ᠃ ᠳᠠᠪᠤᠰᠤᠨ ᠲᠠᠯᠠᠪᠠᠢ ᠶᠢᠨ ᠳᠤᠯᠠᠭᠠᠯᠠᠭ᠎ᠠ ᠶᠢᠨ ᠺᠣᠮᠫᠠᠨᠢ ᠳᠤ᠂ | ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ ᠤᠨ ᠲᠥᠬᠦᠭᠡᠷᠦᠮᠵᠢ ᠶᠢᠨ ᠡᠳᠦᠷ ᠲᠤᠳᠤᠮ ᠤᠨ ᠵᠠᠰᠠᠨ ᠬᠠᠮᠠᠭᠠᠯᠠᠯᠲᠠ᠂ | ᠣᠨᠴᠠᠭᠠᠢ ᠴᠠᠭ ᠠᠭᠤᠷ ᠤᠨ ᠰᠡᠷᠭᠡᠶᠢᠯᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠡᠵᠢ ᠨᠠᠭᠤᠷ ᠬᠢᠭᠡᠳ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠳᠤ᠂ ᠳᠠᠪᠤᠰᠤᠨ ᠨᠠᠭᠤᠷ ᠤᠨ ᠡᠬᠢ ᠪᠠᠶᠠᠯᠢᠭ ᠢ ᠬᠠᠮᠠᠭᠠᠯᠠᠬᠤ᠂ | ᠨᠡᠭᠡᠭᠡᠨ ᠠᠰᠢᠭᠯᠠᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠤᠬᠠᠭᠤᠯᠭ᠎ᠠ ᠬᠥᠮᠦᠵᠢᠯ ᠤᠨ ᠪᠠᠶᠢᠳᠠᠯ ᠢ ᠣᠶᠢᠯᠠᠭᠠᠪᠠ᠃ | ᠨᠠᠮ ᠤᠨ ᠬᠤᠷᠢᠶᠠᠨ ᠤ ᠱᠦᠵᠢ ᠴᠢᠬᠤᠯᠠᠴᠢᠯᠠᠭᠰᠠᠨ ᠨᠢ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠳᠦᠷᠦᠯ ᠵᠦᠢᠯ ᠢ ᠠᠬᠢᠭᠤᠯᠬᠤ ᠶᠢ ᠴᠢᠩᠭ᠎ᠠ ᠠᠳᠬᠤᠵᠤ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︔ ᠮᠠᠯ | ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠵᠣᠬᠢᠰᠲᠠᠢ ᠪᠠᠶᠢᠷᠢᠯᠠᠭᠤᠯᠵᠤ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠴᠢᠷᠮᠠᠶᠢᠨ | ᠪᠤᠶᠢᠵᠢᠭᠤᠯᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠲᠡᠰ ᠳᠡᠪᠰᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠬᠡᠷᠡᠭᠲᠡᠢ︔ ᠠᠶᠤᠯᠭᠦᠢ ᠦᠢᠯᠡᠳᠪᠦᠷᠢᠯᠡᠯ ᠢ ᠡᠷᠬᠡᠪᠰᠢ ᠴᠠᠭ ᠢᠮᠠᠭᠲᠠ ᠴᠢᠩᠭᠠᠳᠬᠠᠵᠤ᠂ | ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠶᠤᠯ ᠲᠦᠭᠰᠢᠭᠦᠷᠢ ᠤᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢ ᠪᠠᠲᠤᠯᠠᠬᠤ ᠬᠡᠷᠡᠭᠲᠡᠢ︔ ᠡᠬᠢ ᠪᠠᠶᠠᠯᠢᠭ ᠢ ᠨᠢᠭᠡᠳᠦᠯᠲᠡᠶ | ᠲᠥᠯᠥᠪᠵᠢᠭᠦᠯᠦᠨ ᠠᠮᠢᠳᠤᠯᠢᠭᠵᠢᠭᠤᠯᠵᠤ᠂ ᠭᠠᠴᠠᠭᠠᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠢᠳᠡᠪᠬᠢᠲᠡᠶ ᠥᠷᠭᠡᠳᠬᠡᠵᠦ᠂ ᠰᠤᠯᠠ ᠪᠠᠶᠢᠭ᠎ᠠ ᠡᠬᠢ ᠪᠠᠶᠠᠯᠢᠭ ᠢ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ | ︽ᠡᠬᠢ ᠰᠤᠷᠪᠤᠯᠵᠢ︾ ᠪᠣᠯᠭᠠᠨ ᠬᠤᠪᠢᠷᠠᠭᠤᠯᠵᠤ᠂ ᠣᠲᠣ ᠶᠢᠨ ᠪᠠᠶᠢᠭ᠎ᠠ ᠵᠢᠭᠤᠯᠴᠢᠯᠠᠯ ᠤᠨ ᠡᠬᠢ ᠪᠠᠶᠠᠯᠢᠭ ᠢ | ᠭᠦᠢᠴᠡᠳ ᠪᠠᠳᠠᠷᠠᠭᠤᠯᠵᠤ᠂ ᠮᠠᠯᠴᠢᠳ ᠤᠨ ᠠᠵᠢᠯ ᠤᠯᠬᠤ ᠪᠠ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ | ᠳᠠᠶᠢᠴᠢᠯᠠᠬᠤ ᠬᠡᠷᠡᠭᠲᠡᠶ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠡᠵᠢᠨᠠᠭᠤᠷ ᠪᠠᠯᠭᠠᠰᠤᠨ ᠤ ᠬᠥᠭᠵᠢᠯᠲᠡ ᠶᠢᠨ ᠰᠡᠳᠬᠢᠭᠦᠢ | ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠬᠦᠴᠦᠲᠡᠶ ᠦᠨᠳᠦᠰᠦᠯᠡᠯ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠡᠵᠢᠨᠠᠭᠤᠷ | ᠪᠠᠯᠭᠠᠰᠤ ᠨᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠲᠠᠢ ᠪᠠᠨ ᠤᠶᠠᠯᠳᠤᠭᠤᠯᠤᠨ᠂ ᠪᠣᠳᠠᠲᠤ ᠪᠠᠶᠢᠳᠠᠯ ᠳᠤ | ᠰᠠᠭᠤᠷᠢᠯᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠠᠯᠭᠠᠰᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ |