3 ᠰᠠᠷ᠎ᠠ ᠶᠢᠨ 16 ᠤ ᠡᠳᠦᠷ᠂ ᠵᠡᠭᠦᠨ ᠦᠵᠦᠮᠦᠴᠢᠨ ᠬᠤᠰᠢᠭᠤ 2025 ᠣᠨ ᠤ ᠳᠡᠭᠡᠷ᠎ᠡ ᠬᠠᠭᠠᠰ ᠵᠢᠯ | ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠬᠤᠷᠠᠯ ᠬᠤᠷᠠᠯᠳᠤᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠥᠲᠥᠭᠡᠨ ᠪᠠᠶᠢᠭᠤᠯᠤᠯᠲᠠ ᠳᠤ ᠤᠷᠤᠯᠴᠠᠵᠦ ᠪᠠᠶᠢᠭ᠎ᠠ ᠬᠠᠯᠠᠭᠤᠨ ᠰᠡᠳᠬᠢᠯᠲᠦ ᠵᠠᠯᠠᠭᠤᠴᠤᠳ ᠢ ᠦᠳᠡᠨ | ᠮᠣᠷᠳᠠᠭᠤᠯᠪᠠ᠃ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ᠂ ᠰᠢᠨ᠎ᠡ ᠴᠡᠷᠢᠭ ᠵᠢᠴᠢ ᠭᠡᠷ ᠤᠨ ᠠᠬᠠᠮᠠᠳ ᠶᠣᠰᠣᠯᠠᠯ ᠳᠤ | ᠣᠷᠣᠯᠴᠠᠪᠠ ᠃ | ᠲᠤᠬᠠᠢ ᠶᠢᠨ ᠲᠠᠯᠠᠪᠠᠢ ᠳᠤ 《 ᠴᠡᠷᠢᠭ ᠢ ᠬᠦᠴᠦᠷᠬᠡᠭᠵᠢᠭᠦᠯᠬᠦ ᠲᠠᠶᠢᠴᠢᠨ ᠳᠠᠭᠤᠤ 》ᠬᠠᠩᠭᠢᠨᠠᠮ᠎ᠠ | ᠴᠤᠤᠷᠢᠶᠠᠲᠤᠵᠤ᠂ ᠰᠢᠨ᠎ᠡ ᠴᠡᠷᠢᠭ ᠨᠢᠭᠡ ᠨᠢᠭᠡ ᠪᠠᠷ ᠢᠶᠠᠨ ᠴᠡᠷᠢᠭ ᠤᠨ ᠠᠮᠢᠳᠤᠷᠠᠯ ᠳᠠᠬᠢ ᠬᠢᠵᠠᠭᠠᠯᠠᠰᠢ ᠦᠭᠡᠢ | ᠬᠦᠰᠡᠯ ᠡᠷᠡᠮᠡᠯᠵᠡᠯ ᠢᠶᠠᠨ ᠢᠯᠡᠷᠡᠭᠦᠯᠵᠦ᠂ ᠲᠤᠬᠠᠢ ᠶᠢᠨ ᠲᠠᠯᠠᠪᠠᠢ ᠳᠤ ᠬᠦᠷᠭᠡᠬᠦ ᠪᠠᠷ ᠢᠷᠡᠭᠰᠡᠨ ᠲᠦᠷᠦᠯ ᠰᠠᠳᠤᠨ | ᠨᠠᠶᠢᠵᠠ ᠨᠥᠬᠦᠳ ᠤᠨ ᠬᠢᠨ ᠰᠡᠳᠬᠢᠯ ᠳᠤ ᠴᠦ ᠢᠷᠠᠭᠤ ᠠᠯᠳᠠᠷ ᠲᠠᠢ ᠰᠠᠨᠠᠭᠳᠠᠵᠤ ᠪᠠᠶᠢᠯ᠎ᠠ᠃ ᠤᠯᠠᠭᠠᠨᠮᠥ᠋ᠴᠢᠷ ᠤᠨ | ᠬᠢᠨ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠴᠡᠷᠢᠭ ᠠᠩᠬᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ | ᠪᠠᠶᠢᠭ᠎ᠠ ᠡᠳᠡᠬᠡᠷ ᠪᠠᠶᠢᠯᠳᠤᠭᠴᠢ ᠶᠢ ᠤᠷᠮᠠᠰᠢᠭᠤᠯᠤᠨ ᠵᠣᠷᠢᠭᠵᠢᠭᠤᠯᠪᠠ᠃ | ᠦᠳᠡᠨ ᠮᠣᠷᠳᠠᠭᠤᠯᠬᠤ ᠶᠤᠰᠤᠯᠠᠯ ᠳᠡᠭᠡᠷ᠎ᠡ᠂ ᠰᠢᠨ᠎ᠡ ᠴᠡᠷᠢᠭ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ | ᠳᠡᠭᠡᠨ᠄《 ᠴᠡᠷᠢᠭ ᠠᠩᠭᠢ ᠳᠤ ᠬᠦᠷᠦᠭᠰᠡᠨ ᠤ ᠳᠠᠷᠠᠭ᠎ᠠ᠂ ᠪᠢᠳᠡ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠡᠬᠡ ᠤᠯᠤᠰ᠂ ᠠᠷᠠᠳ ᠲᠦᠮᠡᠨ ᠤ ᠪᠠᠨ ᠲᠥᠯᠦᠭᠡ ᠵᠡᠪᠰᠡᠭ ᠢᠶᠠᠨ ᠴᠢᠩᠭ᠎ᠠ ᠠᠳᠬᠤᠵᠤ᠂ ᠬᠠᠷᠠᠭᠤᠯ | ᠮᠠᠨᠠᠭ᠎ᠠ ᠪᠠᠨ ᠰᠠᠶᠢᠲᠤᠷ ᠰᠠᠬᠢᠵᠦ᠂ ᠨᠤᠲᠤᠭ ᠤᠰᠤᠨ ᠤ ᠠᠬᠠᠰ ᠵᠠᠬᠠᠰ ᠲᠠᠭᠠᠨ ᠭᠡᠷᠡᠯ ᠭᠢᠯᠪᠠᠭ᠎ᠠ ᠨᠡᠮᠡᠷᠢᠯᠡᠵᠦ᠂ ᠨᠠᠮ | ᠪᠣᠯᠤᠨ ᠤᠯᠤᠰ ᠤᠨ ᠪᠢᠳᠡᠨ ᠳᠤ ᠲᠠᠯᠪᠢᠭᠰᠠᠨ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ︾ ᠭᠡᠵᠡᠢ᠃ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠴᠡᠷᠢᠭ ᠲᠤ ᠣᠷᠣᠭᠰᠠᠨ ᠰᠢᠨ᠎ᠡ ᠴᠡᠷᠢᠭ ᠬᠦᠴᠢᠷ ᠠᠴᠠ ᠠᠶᠤᠬᠤ ᠥᠬᠡᠶ᠂ ᠶᠠᠳᠠᠷᠠᠯ | ᠵᠦᠳᠡᠷᠡᠯ ᠠᠴᠠ ᠠᠶᠤᠬᠤ ᠥᠬᠡᠶ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠰᠢᠯᠢᠳᠡᠭ ᠠᠮᠵᠢᠯᠲᠠ | ᠪᠦᠲᠦᠮᠵᠢ ᠭᠠᠷᠭᠠᠬᠤ ᠪᠠᠷ ᠴᠢᠷᠮᠠᠶᠢᠵᠤ᠂ ᠨᠤᠲᠤᠭ ᠤᠨ ᠠᠷᠠᠳ ᠲᠦᠮᠡᠨ ᠰᠢᠨ᠎ᠡ ᠴᠡᠷᠢᠭ ᠤᠨ ᠰᠠᠶᠢᠨ ᠴᠢᠮᠡᠭᠡ ᠶᠢ | ᠬᠦᠰᠡᠵᠦ ᠪᠠᠶᠢᠨ᠎ᠠ ᠭᠡᠵᠡᠶ ᠃ | ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠦᠭᠰᠡᠨ ᠵᠠᠯᠠᠭᠤᠴᠤᠳ᠂ ᠪᠡᠶ᠎ᠡ ᠶᠢᠨ ᠪᠠᠶᠢᠴᠠᠭᠠᠯᠲᠠ᠂ ᠬᠢᠨᠠᠨ | ᠪᠠᠶᠢᠴᠠᠭᠠᠯᠲᠠ ᠵᠡᠷᠭᠡ ᠪᠠᠷ ᠳᠠᠮᠵᠢᠨ ᠴᠢᠩᠭ᠎ᠠ ᠰᠢᠯᠢᠨ ᠰᠣᠩᠭᠤᠬᠤ ᠪᠠ ᠱᠠᠳᠤ ᠱᠠᠳᠤ ᠪᠠᠷ ᠬᠢᠨᠠᠨ ᠪᠠᠶᠢᠴᠠᠭᠠᠵᠤ᠂ ᠡᠬᠡ | ᠤᠯᠤᠰ ᠲᠠᠭᠠᠨ ᠬᠦᠴᠦ ᠪᠠᠨ ᠡᠷᠭᠦᠬᠦ ᠰᠡᠳᠬᠢᠯᠭᠡ ᠶᠢ ᠡᠪᠦᠷᠯᠡᠨ᠂ ᠲᠤᠰ ᠡᠳᠦᠷ ᠤᠨ ᠦᠳᠡ ᠶᠢᠨ ᠬᠤᠶᠢᠨ᠎ᠠ ᠴᠡᠷᠢᠭ | ᠤᠨ ᠬᠤᠸᠠᠷᠠᠨ ᠳᠤ ᠬᠦᠷᠬᠦ ᠠᠶᠠᠨ ᠵᠠᠮ ᠢᠶᠠᠨ ᠡᠯᠭᠦᠪᠡ᠃ ᠢᠷᠡᠭᠡᠳᠦᠢ ᠶᠢᠨ ᠡᠳᠦᠷ ᠤᠳ ᠲᠤ᠂ ᠰᠢᠨ᠎ᠡ | ᠪᠠᠶᠢᠯᠳᠤᠭᠴᠢᠳ ᠯᠠᠪᠲᠠᠢ ᠡᠬᠡ ᠤᠯᠤᠰ ᠤᠨ ᠢᠶᠠᠨ ᠶᠡᠭᠡ ᠵᠢᠷᠤᠮ ᠢ ᠡᠪᠦᠷᠯᠡᠵᠦ᠂ ᠡᠭᠦᠷᠭᠡ ᠬᠠᠷᠢᠭᠤᠴᠠᠯᠭ᠎ᠠ | ᠡᠭᠦᠷᠭᠡᠯᠡᠨ᠂ ᠴᠡᠷᠢᠭ ᠤᠨ ᠠᠮᠢᠳᠤᠷᠠᠯ ᠳᠤᠮᠳᠠ ᠵᠠᠯᠠᠭᠤ ᠨᠠᠰᠤᠨ ᠤ ᠬᠦᠴᠦ ᠬᠥᠯᠥᠰᠥ ᠪᠠᠨ ᠤᠷᠤᠰᠬᠠᠵᠤ᠂ | ᠡᠷᠡᠮᠡᠬᠡᠶᠢᠯᠡᠨ ᠤᠷᠤᠭᠰᠢᠯᠠᠵᠤ᠂ ᠬᠠᠯᠠᠭᠤᠨ ᠴᠢᠰᠤ ᠦᠨᠡᠨᠴᠢ ᠰᠢᠳᠤᠷᠭᠤ ᠪᠠᠷ ᠡᠬᠡ ᠤᠯᠤᠰ ᠤᠨ ᠢᠶᠠᠨ ᠲᠥᠯᠥᠭᠡ | ᠵᠢᠳᠬᠦᠵᠦ᠂ ᠲᠡᠳᠡᠨ ᠳᠤ ᠬᠠᠷᠢᠶᠠᠯᠠᠭᠳᠠᠬᠤ ᠪᠠᠭᠠᠲᠤᠷᠯᠢᠭ ᠬᠠᠭᠤᠳᠠᠰᠤ ᠶᠢ ᠪᠢᠴᠢᠭᠯᠡᠬᠦ ᠶᠢ ᠢᠲᠡᠭᠡᠵᠦ ᠪᠠᠶᠢᠨ᠎ᠠ︕ |