ᠮᠠᠨ ᠤ ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠣᠨᠣᠯ ᠵᠢᠴᠢ ᠪᠣᠳᠠᠲᠤ ᠠᠵᠢᠯᠯᠠᠭᠠᠨ ᠤ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/25
      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠤᠳᠤᠷᠢᠳᠬᠤ ᠪᠠᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 17᠎ ᠤ ᠡᠳᠦᠷ᠂ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠣᠨᠣᠯ ᠵᠢᠴᠢ ᠪᠣᠳᠠᠲᠠᠶ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ  ᠃ ᠲᠤᠰ ᠤᠳᠠᠭ᠎ᠠ ᠶᠢᠨ ᠬᠤᠷᠠᠯ ᠠᠴᠠ ᠶᠤᠸᠠᠨ ᠱᠧᠩ ᠭᠠᠯ ᠤᠨᠲᠠᠷᠠᠭᠠᠬᠤ ᠬᠢᠵᠠᠭᠠᠷᠲᠤ ᠺᠣᠮᠫᠠᠨᠢ ᠶᠢᠨ ᠰᠤᠷᠭᠠᠭᠴᠢ ᠪᠣᠯᠤᠨ ᠢᠨᠵᠧᠨᠧᠷ ᠢ ᠤᠷᠢᠵᠤ ᠬᠢᠴᠢᠶᠡᠯ ᠣᠷᠣᠭᠤᠯᠪᠠ᠃ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠠᠮᠤᠷ ᠢ ᠬᠠᠮᠠᠭᠠᠯᠠᠬᠤ ᠡᠷᠬᠢᠯᠡᠭᠴᠢ ᠵᠢᠴᠢ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠥᠪᠥᠷ ᠮᠣᠩᠭᠤᠯ ᠤᠨ ᠡᠵᠢ ᠨᠠᠭᠤᠷ ᠤᠨ ᠳᠠᠪᠤᠰᠤ ᠪᠤᠯᠪᠠᠰᠤᠷᠠᠭᠤᠯᠬᠤ ᠬᠢᠵᠠᠭᠠᠷᠲᠤ ᠺᠣᠮᠫᠠᠨᠢ᠂ ᠰᠢᠯᠢ ᠶᠢᠨ ᠭᠤᠤᠯ ᠠᠶᠢᠮᠠᠭ ᠤᠨ ᠬᠤᠩ ᠪᠥᠸᠧ ᠠᠭᠤᠷᠬᠠᠶ ᠶᠢᠨ ᠦᠶᠯᠡᠰ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠥᠮᠦᠰ ᠣᠷᠣᠯᠴᠠᠵᠠᠶ  ᠃      ᠲᠣᠰ ᠤᠳᠠᠭᠠᠨ ᠤ ᠠᠵᠢᠯᠯᠠᠭ᠎ᠠ ᠶᠢ《 ᠣᠨᠣᠯ + ᠪᠣᠳᠠᠲᠤ ᠠᠵᠢᠯᠯᠠᠭ᠎ᠠ 》᠎ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ  ᠶᠠᠪᠤᠭᠳᠠᠭᠤᠯᠵᠠᠢ᠃ ᠪᠣᠯᠪᠠᠰᠤᠷᠠᠯ ᠤᠨ ᠬᠤᠷᠠᠯ ᠳᠡᠭᠡᠷ᠎ᠡ᠂ ᠶᠤᠸᠠᠨ ᠱᠧᠩ ᠭᠠᠯ ᠤᠨᠲᠠᠷᠠᠭᠠᠬᠤ ᠬᠢᠵᠠᠭᠠᠷᠲᠤ ᠺᠣᠮᠫᠠᠨᠢ ᠶᠢᠨ ᠰᠤᠷᠭᠠᠭᠴᠢ  ᠠᠴᠠ《 ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠤᠨ ᠰᠡᠷᠡᠮᠵᠢ ᠶᠢᠨ ᠹᠢᠯᠢᠮ 》᠎ ᠢ ᠰᠣᠨᠢᠷᠬᠠᠬᠤ ᠪᠠᠷ ᠭᠠᠷᠳᠠᠬᠤ ᠴᠡᠭ ᠪᠣᠯᠭᠠᠵᠤ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠭᠠᠷᠤᠭᠰᠠᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨ ᠠᠶᠤᠯ ᠤᠨ ᠭᠤᠤᠯ ᠣᠨᠴᠠᠯᠢᠭ ᠰᠢᠨᠵᠢ᠂ ᠤᠷᠢᠳᠴᠢᠯᠠᠨ ᠰᠡᠷᠭᠡᠶᠢᠯᠡᠬᠦ ᠠᠷᠭ᠎ᠠ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠭᠤᠷᠪᠠᠨ ᠲᠠᠯ᠎ᠠ ᠶᠢᠨ ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠵᠦ᠂ ᠲᠤᠬᠠᠶ ᠶᠢᠨ ᠲᠠᠯᠠᠪᠤᠷ ᠲᠤ ᠪᠠᠶᠢᠭ᠎ᠠ ᠰᠤᠷᠤᠭᠴᠢᠳ ᠎ ᠲᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠮᠡᠳᠡᠭᠦᠯᠪᠡ᠃      ᠤᠨᠤᠯ ᠤᠨ ᠪᠣᠯᠪᠠᠰᠤᠷᠠᠯ ᠳᠠᠭᠤᠰᠤᠭᠰᠠᠨ ᠤ ᠲᠠᠷᠠᠭ᠎ᠠ᠂ ᠶᠤᠸᠠᠨ ᠱᠧᠩ ᠭᠠᠯ ᠤᠨᠲᠠᠷᠠᠭᠠᠬᠤ ᠬᠢᠵᠠᠭᠠᠷᠲᠤ ᠺᠣᠮᠫᠠᠨᠢ ᠶᠢᠨ ᠢᠨᠵᠧᠨᠧᠷ ᠤᠯᠠᠨ ᠢ ᠳᠠᠭᠠᠭᠤᠯᠤᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠭᠠᠯ ᠤᠨᠲᠠᠷᠠᠭᠠᠬᠤ ᠡᠵᠡᠮᠳᠡᠯ ᠤᠨ ᠦᠷᠦᠬᠡ᠂ ᠭᠠᠯ ᠤᠨᠲᠠᠷᠠᠭᠠᠬᠤ ᠭᠠᠵᠠᠷ ᠳᠣᠣᠷᠠᠬᠢ ᠬᠥᠭᠡᠷᠭᠡ ᠶᠢᠨ ᠦᠷᠦᠬᠡ᠂ ᠭᠠᠯ ᠤᠨᠲᠠᠷᠠᠭᠠᠬᠤ ᠤᠰᠤᠨ ᠰᠠᠪᠠ ᠶᠢᠨ  ᠭᠤᠣᠯᠳᠠᠯᠭ᠎ᠠ ᠲᠠᠢ ᠣᠷᠣᠨ ᠳᠤ ᠬᠦᠷᠴᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠣᠳᠠᠲᠠᠢ ᠠᠵᠢᠯᠯᠠᠭᠠᠨ ᠤ ᠪᠣᠯᠪᠠᠰᠤᠷᠠᠯ ᠬᠢᠵᠡᠢ᠃ ᠢᠨᠵᠧᠨᠧᠷ ᠠᠴᠠ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠰᠡᠷᠡᠮᠵᠢ ᠶᠢᠨ ᠳᠣᠬᠢᠶᠠᠨ ᠤ ᠰᠢᠰᠲ᠋ᠧᠮ ᠵᠡᠷᠭᠡ ᠶᠢ ᠪᠠᠭᠲᠠᠭᠠᠭᠰᠠᠨ ᠡᠯ᠎ᠡ ᠲᠥᠷᠥᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠣᠨᠣᠪᠴᠢᠲᠠᠶ ᠬᠡᠷᠡᠭᠯᠡᠬᠦ ᠠᠷᠭ᠎ᠠ ᠶᠢ ᠲᠤᠬᠠᠶ ᠶᠢᠨ ᠭᠠᠵᠠᠷ ᠲᠤᠨᠢ ᠦᠵᠡᠭᠦᠯᠦᠭᠰᠡᠨ ᠪᠥᠭᠡᠳ ᠰᠤᠷᠤᠭᠴᠢᠳ ᠢᠶᠠᠨ ᠵᠢᠯᠣᠭᠤᠳᠤᠨ ᠪᠡᠶ᠎ᠡ ᠪᠠᠷ ᠢᠶᠠᠨ ᠭᠠᠷᠳᠠᠨ ᠬᠢᠵᠦ᠂ ᠰᠤᠷᠤᠭᠴᠢ ᠨᠢᠭᠡᠪᠦᠷᠢ ᠶᠢᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠠᠵᠢᠯᠯᠠᠬᠤ ᠮᠡᠷᠭᠡᠵᠢᠯ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠬᠦ ᠶᠢ ᠦᠨᠡᠨᠬᠦ ᠪᠠᠲᠤᠯᠠᠵᠤ᠂ ᠭᠡᠨᠡᠳᠲᠡ ᠶᠢᠨ ᠭᠠᠯ ᠤᠨ ᠠᠶᠤᠯ ᠲᠤᠯᠭᠠᠷᠠᠬᠤ ᠦᠶ᠎ᠡ ᠳᠤ ᠦᠳᠲᠡᠷ ᠲᠦᠷᠭᠡᠨ᠂ ᠪᠦᠲᠦᠮᠵᠢᠲᠡᠶ ᠠᠷᠭᠠᠴᠠᠵᠤ ᠴᠢᠳᠠᠬᠤ ᠪᠣᠯᠭᠠᠵᠠᠢ᠃      ᠲᠤᠰ ᠤᠳᠠᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠨᠤᠯ ᠵᠢᠴᠢ ᠪᠣᠳᠠᠲᠠᠢ ᠪᠣᠯᠪᠠᠰᠤᠷᠠᠯ ᠤᠨ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠡᠯ᠎ᠡ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠮᠤᠷ ᠲᠦᠪᠰᠢᠨ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶ᠎ᠡ ᠵᠢᠴᠢ ᠠᠵᠤ ᠠᠬᠤᠶᠢᠯᠠᠯ ᠤᠨ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ  ᠲᠠᠯᠪᠢᠵᠦ ᠦᠭᠴᠠᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号