3 ᠰᠠᠷ᠎ᠠ ᠶᠢᠨ 10 ᠤ ᠡᠳᠦᠷ᠂ ᠬᠠᠳᠠᠪᠴᠢ ᠪᠠᠯᠭᠠᠰᠤᠨ ᠤ ᠬᠠᠭ᠋ᠠᠭᠤᠯᠠ ᠭᠠᠴᠠᠭᠠᠨ ᠤ ︽ᠬᠤᠶᠠᠷ ᠵᠥᠪᠯᠡᠯ︾ | ᠨᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠲᠤᠬᠠᠢ | ᠠᠵᠢᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠷᠠᠯ ᠢ ᠬᠠᠭ᠋ᠠᠭᠤᠯᠠ ᠭᠠᠴᠠᠭᠠᠨ ᠤ ᠨᠠᠮ ᠤᠨ ᠡᠭᠦᠷ ᠤᠨ | ᠱᠦᠵᠢ ᠠᠳᠢᠶ᠎ᠠ ᠡᠷᠭᠢᠯᠡᠵᠦ᠂ ᠬᠠᠭ᠋ᠠᠭᠤᠯᠠ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠨᠠᠮ ᠤᠨ | ᠭᠡᠰᠢᠭᠦᠨ ᠭᠤᠤᠯᠯᠠᠬᠤ ᠡᠷᠦᠬᠡ᠂ ᠠᠷᠠᠳ ᠤᠨ ᠲᠦᠯᠦᠭᠡᠯᠡᠭᠴᠢᠳ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠠᠳᠢᠶ᠎ᠠ ᠨᠥᠬᠦᠷ ᠬᠠᠭ᠋ᠠᠭᠤᠯᠠ ᠭᠠᠴᠠᠭᠠᠨ ᠤ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠷᠢᠭᠤᠴᠠᠯᠭ᠎ᠠ ᠡᠭᠦᠷᠭᠡ ᠶᠢ | ᠪᠡᠶᠡᠯᠡᠭᠦᠯᠦᠭᠰᠡᠨ ᠪᠠᠶᠢᠳᠠᠯ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠵᠡᠷᠭᠡ | ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠡ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠭᠠᠴᠠᠭᠠᠨ ᠤ ᠨᠠᠮ ᠤᠨ ᠡᠭᠦᠷ ᠲᠣᠰ ᠤᠳᠠᠭᠠᠨ ᠤ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ᠂ ᠲᠣᠰ ᠪᠡᠶ᠎ᠡ ᠲᠠᠢ ᠪᠠᠨ ᠬᠠᠷᠢᠴᠠᠭᠤᠯᠤᠨ᠂ | ᠡᠷᠭᠢᠴᠡᠭᠦᠯᠦᠨ ᠪᠣᠳᠣᠯᠬᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠬᠤᠶᠢᠰᠢᠳᠠ ᠶᠢᠨ ᠴᠢᠬᠤᠯᠠ ᠡᠭᠦᠷᠭᠡ | ᠪᠣᠯᠭᠠᠨ ᠠᠳᠬᠤᠵᠤ᠂ ᠨᠠᠮ ᠨᠢ ᠨᠠᠮ ᠢᠶᠠᠨ ᠬᠠᠮᠢᠶᠠᠷᠬᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ | ᠶᠣᠰᠣᠭᠠᠷ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠲᠦᠷᠢᠮ ᠢ ᠵᠢᠷᠤᠮᠵᠢᠭᠤᠯᠤᠨ᠂ ᠤᠭ ᠡᠰᠢᠨ ᠠᠴᠠ ᠨᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠭᠠᠴᠠᠭᠠᠨ ᠤ ︽ᠬᠤᠶᠠᠷ ᠵᠥᠪᠯᠡᠯ︾ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠬᠤᠶᠢᠰᠢᠳᠠ ᠦᠪᠡᠷ ᠤᠨ ᠪᠡᠶ᠎ᠡ ᠪᠠᠷ ᠢᠶᠠᠨ ᠬᠡᠪ ᠳᠠᠭᠤᠷᠢᠶᠠᠯ | ᠪᠤᠯᠵᠤ᠂ ᠵᠢᠯᠤᠭᠤᠳᠤᠯᠭ᠎ᠠ ᠪᠠᠨ ᠴᠢᠩᠭᠠᠳᠬᠠᠵᠤ᠂ ᠴᠢᠩᠭ᠎ᠠ ᠬᠢᠨᠠᠯᠲᠠ ᠲᠠᠯᠪᠢᠬᠤ ᠬᠡᠷᠡᠭᠲᠡᠢ᠃ ᠨᠠᠮ ᠤᠨ ᠡᠭᠦᠷ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠤᠶᠢᠰᠢᠳᠠ ᠶᠢᠨ ᠠᠵᠢᠯ ᠢᠶᠠᠨ ᠨᠠᠷᠢᠨ ᠨᠢᠮᠪᠠᠢ | ᠵᠣᠬᠢᠶᠠᠨ ᠪᠠᠶᠢᠭᠤᠯᠵᠤ᠂ ᠭᠠᠴᠠᠭᠠᠨ ᠤ ᠡᠯ᠎ᠡ ᠵᠦᠢᠯ ᠤᠨ ᠠᠵᠢᠯ ᠡᠭᠦᠷᠭᠡ ᠶᠢ ᠦᠨᠡᠨᠬᠦ ᠰᠠᠶᠢᠲᠤᠷ ᠠᠳᠬᠤᠬᠤ | ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠬᠠᠭ᠋ᠠᠭᠤᠯᠠ ᠭᠠᠴᠠᠭᠠᠨ ᠤ ᠨᠠᠮ ᠤᠨ ᠡᠭᠦᠷ ᠨᠢ ᠦᠷᠭᠦᠯᠵᠢᠯᠡᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠠᠷᠠᠯᠲᠠ ᠪᠠᠨ ᠬᠤᠪᠢᠷᠠᠭᠤᠯᠬᠤ ᠦᠭᠡᠢ᠂ | ᠪᠠᠷᠢᠮᠵᠢᠶ᠎ᠠ ᠪᠠᠨ ᠪᠠᠭᠤᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠨᠯᠠᠨᠠ᠃ | ᠳᠦᠷᠢᠮ ᠢᠶᠠᠨ ᠲᠡᠭᠦᠯᠳᠡᠷᠵᠢᠭᠦᠯᠦᠨ᠂ ᠠᠷᠭ᠎ᠠ ᠬᠡᠮᠵᠢᠶ᠎ᠡ ᠪᠠᠨ ᠲᠣᠭᠲᠠᠭᠠᠵᠤ᠂ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠦᠷᠢᠯᠳᠦᠭᠦᠯᠦᠨ᠂ ᠠᠰᠠᠭᠤᠳᠠᠯ ᠳᠠᠬᠢᠨ ᠡᠭᠦᠰᠬᠦ ᠶᠢ ᠡᠷᠡᠰ ᠰᠡᠷᠭᠡᠶᠢᠯᠡᠵᠦ᠂ ᠪᠦᠬᠦ ᠭᠠᠴᠠᠭᠠᠨ ᠤ ᠠᠵᠤ | ᠠᠬᠤᠢ ᠶᠢᠨ ᠬᠦᠭᠵᠢᠯᠲᠡ ᠶᠢ ᠠᠬᠢᠭᠤᠯᠤᠨ᠎ᠠ᠃ |