ᠬᠠᠳᠠᠪᠴᠢ ᠪᠠᠯᠭᠠᠰᠤᠨ ᠤ ᠬᠠᠭ᠋ᠠᠭᠤᠯᠠ ᠭᠠᠴᠠᠭ᠎ᠠ ᠨᠢ ᠨᠠᠰᠤᠲᠠᠶᠢᠴᠤᠳ ᠤᠨ ᠴᠠᠶᠢᠯᠯᠠᠭ᠎ᠠ ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/3/25
      ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠠᠷᠠᠳ ᠲᠦᠮᠡᠨ ᠤ ᠨᠠᠰᠤᠲᠠᠨ ᠢᠶᠠᠨ ᠬᠦᠨᠳᠦᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ︽3 · 8︾᠎ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ 115 ᠵᠢᠯ ᠤᠨ ᠣᠶ ᠬᠦᠷᠴᠦ ᠢᠷᠡᠬᠦ ᠲᠠᠰᠢᠷᠠᠮ ᠢᠶᠠᠷ᠂ ᠬᠠᠳᠠᠪᠴᠢ ᠪᠠᠯᠭᠠᠰᠤᠨ ᠤ ᠬᠠᠭ᠋ᠠᠭᠤᠯᠠ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠨᠢ ᠨᠠᠢᠮᠠᠳᠤᠭᠴᠢ ᠤᠳᠠᠭᠠᠨ ᠤ ᠨᠠᠰᠤᠲᠠᠶᠢᠴᠤᠳ ᠤᠨ ᠴᠠᠶᠢᠯᠠᠯᠭ᠎ᠠ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠳᠤ᠂ ᠲᠤᠰ ᠭᠠᠴᠠᠭᠠᠨ ᠤ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠷᠤᠯᠴᠠᠭᠰᠠᠨ ᠶᠤᠮ᠂ ᠬᠦᠳᠡᠯᠭᠡᠭᠡᠨ ᠤ ᠶᠠᠪᠤᠴᠠ ᠳᠤ ᠳᠡᠲᠡ ᠨᠤᠲᠤᠭ ᠤᠰᠤᠨ ᠤ ᠵᠤᠭᠤᠭ ᠳᠡᠯᠭᠡᠨ ᠬᠠᠭᠤᠴᠢᠯᠠᠵᠤ ᠨᠢᠭᠡᠨ ᠲᠠᠢ ᠪᠠᠨ ᠰᠡᠳᠬᠢᠯ ᠪᠠᠨ ᠠᠭᠤᠳᠠᠯᠤᠨ ᠢᠨᠢᠶᠡᠳᠤ ᠪᠠᠶᠠᠷ ᠪᠠᠷ ᠪᠢᠯᠬᠠᠵᠤ ᠪᠠᠶᠢᠯ᠎ᠠ᠂ ᠡᠭᠦᠨ ᠤ ᠬᠠᠮᠲᠤ ᠪᠠᠰᠠ ᠤᠯᠠᠮᠵᠢᠯᠠᠯᠠᠲᠤ ᠱᠠᠭ᠎ᠠ ᠲᠤᠭᠯᠠᠭᠠᠮ ᠤᠨ ᠤᠷᠤᠯᠳᠤᠭᠠᠨ ᠵᠡᠷᠭᠡ ᠬᠤᠶᠠᠷ ᠲᠦᠷᠦᠯ ᠤᠨ ᠨᠠᠭᠠᠳᠤᠮ ᠲᠤᠬᠢᠷᠠᠭᠤᠯᠵᠤ ᠨᠠᠰᠤᠲᠠᠶᠢᠴᠤᠳ ᠤᠨ ᠰᠡᠳᠬᠢᠯ ᠢ ᠪᠠᠶᠠᠰᠠᠬᠨ᠂  ᠨᠢᠭᠡᠨ ᠶᠡᠭᠡ ᠭᠡᠷ ᠪᠦᠯᠢ ᠶᠢᠨ ᠡᠶ᠋ᠯᠳᠡᠭ ᠲᠤᠲᠤᠨᠤ ᠬᠠᠶᠢᠷ᠎ᠠ ᠬᠠᠯᠠᠮᠵᠢ ᠶᠢ ᠳᠡᠲᠡᠨ ᠳᠤ ᠮᠡᠳᠡᠷᠡᠭᠦᠯᠦᠭᠰᠡᠨ ᠶᠤᠮ᠃      ᠠᠵᠢᠯᠯᠠᠭ᠎ᠠ ᠶᠢᠨ ᠳᠤᠮᠳᠠ᠂ ᠭᠠᠴᠠᠭᠠᠨ ᠠᠴᠠ ᠪᠠᠰᠠ 4400 ᠲᠦᠭᠦᠷᠢᠭ ᠤᠨ ᠪᠡᠯᠡ ᠮᠦᠩᠭᠦ ᠭᠠᠷᠭᠠᠵᠤ 70 ᠨᠠᠰᠤᠨ ᠠᠴᠠ ᠳᠡᠭᠡᠭᠰᠢᠬᠢ 22 ᠨᠠᠰᠤᠲᠠᠨ ᠳᠤ ᠲᠣᠬᠤᠨᠢᠭᠤᠯᠬᠤ ᠡᠳ᠋ ᠪᠣᠳᠠᠰ ᠪᠣᠯᠣᠨ ᠲᠤᠬᠤᠨᠢᠭᠤᠯᠭ᠎ᠠ ᠶᠢᠨ ᠮᠥᠩᠭᠦ  ᠭᠠᠷᠳᠠᠭᠤᠯᠵᠤ᠂ ᠠᠮᠢᠳᠤᠷᠠᠯ ᠳᠤ ᠨᠢ ᠲᠤᠰᠠ ᠳᠡᠮ ᠪᠤᠯᠤᠭᠰᠠᠨ ᠪᠠᠶᠢᠨ᠎ᠠ᠃      ᠴᠠᠢ ᠶᠢᠨ ᠵᠤᠭᠤᠭ᠂ ᠵᠢᠷᠭᠠᠬᠤ ᠨᠠᠷᠠ ᠲᠠᠢ ᠬᠠᠮᠲᠤ ᠦᠨᠳᠦᠷᠯᠡᠯ᠎ᠡ᠃ ᠲᠤᠰ ᠤᠳᠠᠭᠠᠨ ᠤ ᠬᠦᠳᠡᠯᠭᠡᠭᠡᠨ ᠪᠤᠯ ᠨᠢᠭᠡ ᠤᠳᠠᠭᠠᠨ ᠤ ᠰᠡᠳᠬᠢᠯ ᠪᠠᠨ ᠰᠣᠯᠢᠯᠴᠠᠬᠤ ᠬᠦᠳᠡᠯᠭᠡᠭᠡᠨ ᠪᠣᠯᠣᠨ᠎ᠠ᠂ ᠤᠯᠠᠨ ᠢᠶᠠᠷ ᠢᠶᠠᠨ ᠪᠠᠶᠠᠷ ᠬᠦᠷ ᠲᠠᠢ ᠪᠠᠷ ᠬᠦᠷᠦᠯᠴᠡᠨ ᠢᠷᠡᠵᠤ᠂ ᠡᠨᠡ ᠬᠦ ᠪᠠᠶᠠᠷ ᠪᠠᠶᠠᠰᠬᠤᠯᠠᠩᠲᠤ ᠴᠠᠭ ᠮᠦᠴᠡ ᠶᠢ ᠬᠠᠮᠲᠤ ᠦᠩᠭᠡᠷᠡᠭᠦᠯᠵᠤ᠂ ᠨᠠᠰᠤᠲᠠᠶᠢᠴᠤᠳ ᠤᠨ ᠨᠥᠬᠦᠷᠰᠡᠭ ᠬᠠᠷᠢᠯᠴᠠᠭ᠎ᠠ ᠶᠢ ᠠᠬᠢᠭᠤᠯᠵᠤ᠂ ᠠᠮᠢᠳᠤᠷᠠᠯ ᠤᠨ ᠲᠤᠷᠰᠢᠯᠭ᠎ᠠ ᠪᠣᠯᠣᠨ ᠤᠶᠤᠨ ᠤᠬᠠᠭᠠᠨ ᠢ ᠬᠤᠪᠢᠶᠠᠯᠴᠠᠭᠤᠯᠵᠤ᠂ ᠨᠡᠶᠢᠭᠡᠮ ᠤᠨ ᠬᠠᠯᠠᠭᠤᠨ ᠳᠤᠯᠠᠭᠠᠨ ᠶᠡᠭᠡ ᠭᠡᠷ ᠪᠦᠯᠢ ᠶᠢᠨ ᠠᠭᠤᠷ ᠠᠮᠢᠰᠬᠤᠯ ᠢ ᠡᠳ᠋ᠯᠡᠬᠦᠯᠦᠭᠰᠡᠨ ᠪᠠᠶᠢᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号