ᠰᠠᠮᠠᠢ ᠰᠤᠮᠤ ᠨᠢ 2025 ᠣᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25
      ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 6᠎ ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤ ᠨᠢ 2025 ᠣᠨ ᠎ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ 2024 ᠣᠨ ᠤ ᠠᠵᠢᠯ ᠢ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠡᠮᠡᠭᠲᠡᠶ ᠺᠠᠳ᠋ᠷᠴᠤᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠭᠦᠶᠴᠡᠳᠬᠡᠬᠦ ᠭᠡᠰᠢᠭᠦᠳ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠷᠪᠠᠨ ᠬᠤᠶᠠᠳᠤᠭᠠᠷ ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠭᠦᠶᠴᠡᠳᠬᠡᠬᠦ ᠭᠡᠰᠢᠭᠦᠳ ᠤᠨ ᠬᠤᠷᠠᠯ᠂ ᠠᠶᠢᠮᠠᠭ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠠᠴᠠ 2024 ᠣᠨ ᠤ ᠠᠵᠢᠯ ᠤᠨ ᠥᠷᠨᠢᠭᠦᠯᠦᠭᠰᠡᠨ ᠪᠠᠶᠢᠳᠠᠯ ᠵᠢᠴᠢ 2025 ᠣᠨ ᠤ ᠠᠵᠢᠯ ᠤᠨ ᠲᠥᠯᠥᠪᠯᠡᠭᠡ ᠪᠠᠨ ᠲᠣᠪᠴᠢ ᠬᠠᠷᠢᠭᠤ ᠮᠡᠳᠡᠭᠦᠯᠪᠡ᠃ ᠰᠤᠮᠤ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠠᠴᠠ 2025 ᠣᠨ ᠤ ᠡᠮᠡᠭᠲᠡᠶᠢᠴᠦᠳ ᠎ ᠤᠨ ᠬᠤᠯᠪᠣᠭᠠᠲᠤ ᠬᠤᠷᠠᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ  ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠡᠮᠡᠭᠲᠡᠶᠢᠴᠦᠳ ᠬᠡᠦᠬᠡᠳ ᠭᠡᠷ ᠪᠦᠯᠢ ᠵᠢᠴᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠠᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ《 ᠬᠤᠶᠠᠷ ᠶᠡᠭᠡ ᠶᠠᠪᠤᠳᠠᠯ 》《 ᠵᠢᠷᠭᠤᠭᠠᠨ ᠢᠨᠵᠧᠨᠧᠷᠢᠩ 》《 ᠵᠢᠷᠭᠤᠭᠠᠨ ᠠᠵᠢᠯᠯᠠᠭ᠎ᠠ 》᠎ ᠶᠢ ᠬᠦᠴᠦ ᠪᠠᠨ ᠲᠥᠪᠯᠡᠷᠡᠭᠦᠯᠦᠨ ᠰᠠᠶᠢᠲᠤᠷ  ᠬᠢᠵᠦ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠪᠠᠶᠢᠷᠢᠯᠠᠭᠤᠯᠤᠯᠲᠠ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠰᠦᠭ ᠰᠦᠨᠡᠰᠦ ᠶᠢ ᠱᠤᠭᠤᠵᠤ ᠬᠥᠲᠥᠯᠥᠨ ᠳᠠᠭᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠂ ᠭᠡᠷ ᠪᠣᠯᠭᠠᠨ ᠵᠣᠯ ᠵᠢᠷᠭᠠᠯ ᠲᠠᠢ ᠠᠮᠤᠷ ᠠᠮᠤᠭᠤᠯᠠᠩ᠂ ᠰᠠᠭᠤᠷᠢ ᠶᠢ ᠴᠢᠩᠭᠠᠳᠬᠠᠨ ᠬᠡᠪᠴᠢᠶ᠎ᠡ ᠶᠢ ᠥᠷᠭᠡᠳᠬᠡᠵᠦ ᠭᠤᠷᠪᠠᠨ ᠶᠡᠭᠡ ᠢᠨᠵᠧᠨᠧᠷᠢᠩ ᠢ ᠠᠮᠢᠯᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠣᠳᠠᠲᠠᠶᠢᠵᠢᠭᠤᠯᠬᠤ᠂ ᠦᠢᠯᠡᠰ ᠪᠣᠰᠬᠠᠵᠤ ᠠᠵᠢᠯ ᠣᠯᠭᠤᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠪᠣᠯᠪᠠᠰᠤᠨ᠂ ᠡᠷᠬᠡ ᠠᠰᠢᠭ ᠎ ᠤᠨ ᠬᠠᠮᠠᠭᠠᠯᠠᠯᠲᠠ᠂ ᠠᠮᠢ ᠨᠠᠰᠤᠨ ᠤ ᠡᠷᠡᠭᠦᠯ ᠮᠡᠨᠳᠦ ᠶᠢᠨ ᠵᠢᠷᠭᠤᠭᠠᠨ ᠵᠤᠷᠪᠤᠰ ᠡᠮᠡᠭᠲᠡᠶᠢᠴᠦᠳ ᠤᠨ ᠠᠵᠢᠯᠯᠠᠭ᠎ᠠ᠂ ᠨᠡᠷ᠎ᠡ ᠲᠡᠮᠳᠡᠭ ᠢ ᠳᠡᠭᠡᠭᠰᠢᠯᠡᠭᠦᠯᠬᠦ ᠠᠵᠢᠯ᠂ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠪᠦᠬᠦ ᠰᠤᠮᠤ ᠶᠢᠨ ᠥᠷᠭᠡᠨ ᠣᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠰᠠᠮᠠᠢ ᠰᠤᠮᠤ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号