115 ᠳ᠋ᠤᠭᠠᠷ《 3.8 》 ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ | ᠶᠢᠨ ᠲᠥᠯᠥᠭᠡ᠂ 3 ᠳ᠋ᠤᠭᠠᠷ ᠰᠠᠷ᠎ᠠ ᠶᠢᠨ 7 ᠤ ᠡᠳᠦᠷ᠂ ᠰᠠᠮᠠᠢ ᠰᠤᠮᠤᠨ ᠤ ᠪᠠᠶᠠᠨᠬᠦ᠋ᠭᠡᠪᠦᠷ ᠭᠠᠴᠠᠭᠠᠨ ᠤ | ᠡᠮᠡᠭᠲᠡᠶᠢᠴᠦᠳ ᠤᠨ ᠬᠤᠯᠪᠤᠭᠠᠲᠤ ᠬᠤᠷᠠᠯ ᠨᠢ 《 ᠨᠠᠮ ᠢᠶᠠᠨ ᠡᠷᠡᠰ ᠳᠠᠭᠠᠵᠤ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠵᠤ ᠤᠮᠠᠷᠠᠲᠤ ᠬᠢᠯᠢ ᠶᠢᠨ ᠭᠠᠷᠮᠠᠭᠠᠢ ᠡᠮᠡᠭᠲᠡᠶᠢᠴᠦᠳ ᠰᠢᠨ᠎ᠡ ᠴᠠᠭ ᠦᠶ᠎ᠡ ᠳᠤ ᠭᠠᠪᠢᠶ᠎ᠠ | ᠪᠠᠶᠢᠭᠤᠯᠤᠶ᠎ᠠ》ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠪᠠᠶᠠᠨᠬᠦ᠋ᠭᠡᠪᠦᠷ ᠭᠠᠴᠠᠭᠠᠨ ᠤ ᠨᠠᠮ ᠤᠨ ᠡᠭᠦᠷ ᠤᠨ | ᠱᠦᠵᠢ᠂ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠲᠡᠷᠢᠭᠦᠯᠡᠭᠴᠢ ᠵᠢᠴᠢ ᠭᠠᠴᠠᠭᠠᠨ ᠤ | ᠡᠮᠡᠭᠲᠡᠶᠢᠴᠦᠳ ᠠᠵᠢᠯᠯᠠᠭ᠎ᠠ ᠳᠤ ᠣᠷᠣᠯᠴᠠᠪᠠ᠃ | ᠠᠵᠢᠯᠯᠠᠭᠠᠨ ᠳᠤ᠂ ᠭᠠᠴᠠᠭᠠᠨ ᠤ ᠨᠠᠮ ᠤᠨ ᠡᠭᠦᠷ ᠤᠨ ᠱᠦᠵᠢ ᠠᠴᠠ《 ᠨᠠᠮ ᠤᠨ ᠠᠴᠢ ᠳᠤ ᠲᠠᠯᠠᠷᠬᠠᠨ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠣᠷᠣᠭᠰᠢᠯᠠᠬᠤ 》ᠣᠯᠠᠨ ᠲᠦᠮᠡᠨᠴᠢ ᠬᠥᠮᠦᠵᠢᠯ | ᠦᠶᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠠᠭᠠᠨ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ | ᠨᠠᠮ ᠤᠨ ᠲᠥᠪ ᠬᠤᠷᠢᠶᠠᠨ ᠤ ᠥᠪᠥᠷ ᠮᠣᠩᠭᠤᠯ ᠢ ᠳᠡᠮᠵᠢᠬᠦ ᠡᠯ᠎ᠡ ᠵᠦᠶᠯ ᠤᠨ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠᠶᠢ ᠲᠣᠳᠣᠷᠬᠠᠶ ᠶᠠᠷᠢᠵᠤ᠂ ᠪᠣᠳᠠᠲᠠᠶ ᠳᠤ ᠨᠡᠶᠢᠴᠡᠭᠦᠯᠬᠦ ᠠᠷᠭ᠎ᠠ ᠪᠠᠷ ᠰᠤᠮᠤ ᠭᠠᠴᠠᠭᠠᠨ ᠤ | ᠳᠦᠷᠰᠦ ᠪᠠᠶᠳᠠᠯ ᠪᠠ ᠮᠠᠯᠴᠢᠨ ᠲᠦᠮᠡᠨ ᠤ ᠠᠮᠢᠳᠤᠷᠠᠯ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ | ᠪᠠᠶᠢᠳᠠᠯ ᠢᠶᠠᠨ ᠬᠤᠪᠢᠶᠠᠯᠴᠠᠨ᠂ ᠥᠨᠳᠥᠷ ᠨᠠᠰᠤᠨ ᠤ ᠨᠥᠬᠦᠪᠥᠷᠢ᠂ ᠵᠡᠮᠳᠡᠭᠴᠦᠳ ᠤᠨ ᠨᠥᠬᠦᠪᠥᠷᠢ᠂ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠤᠷᠰᠢᠭᠰᠠᠨ ᠡᠮᠨᠡᠯᠭᠡ᠂ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠮᠡᠭᠲᠡᠶᠢᠴᠦᠳ ᠲᠤ | ᠤᠬᠠᠭᠤᠯᠤᠨ ᠲᠠᠶᠢᠯᠪᠤᠷᠢᠯᠠᠵᠤ᠂ ᠡᠯ᠎ᠡ ᠵᠦᠶᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ | ᠪᠣᠳᠠᠲᠠᠶ ᠠᠭᠤᠯᠭ᠎ᠠ ᠪᠠ ᠭᠤᠶᠤᠴᠢᠯᠠᠬᠤ ᠶᠠᠪᠤᠴᠠ ᠶᠢ ᠨᠠᠷᠢᠨ ᠥᠭᠦᠯᠡᠭᠰᠡᠨ ᠢᠶᠠᠷ ᠪᠠᠷᠠᠬᠤ ᠥᠬᠡᠶ᠂ ᠪᠠᠰᠠ ᠡᠮᠡᠭᠲᠡᠶ | ᠣᠯᠠᠨ ᠲᠦᠮᠡᠨ ᠳᠤ ᠬᠡᠷᠡᠭᠴᠡᠭᠡ ᠳᠤ ᠨᠡᠶᠢᠴᠡᠭᠰᠡᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠪᠠ ᠵᠢᠯᠣᠭᠤᠳᠣᠯᠭ᠎ᠠ | ᠬᠠᠩᠭᠠᠪᠠ᠃ | ᠠᠵᠢᠯᠯᠠᠭ᠎ᠠ ᠨᠢ ᠪᠠᠰᠠ ᠱᠠᠭ᠎ᠠ ᠰᠧᠶ᠋ᠢᠩ ᠵᠡᠷᠭᠡ ᠵᠢᠵᠢᠭ ᠲᠣᠭᠯᠠᠭᠠᠮ ᠤᠨ ᠭᠤᠭᠴᠤᠭ᠎ᠠ ᠲᠤᠬᠢᠷᠠᠭᠤᠯᠵᠤ᠂ | ᠡᠮᠡᠭᠲᠡᠶᠢᠴᠦᠳ ᠢᠳᠡᠪᠬᠢᠲᠡᠢ ᠣᠷᠣᠯᠴᠠᠵᠤ᠂ ᠬᠦᠷ ᠬᠥᠭᠵᠢᠶᠡᠨ ᠲᠠᠢ ᠪᠠᠶᠢᠯ᠎ᠠ᠃ | ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠦᠯᠬᠦᠮᠳᠡᠨ ᠲᠡᠮᠡᠴᠡᠭᠰᠡᠨ ᠡᠮᠡᠭᠲᠡᠶᠢᠴᠦᠳ ᠤᠨ ᠬᠦᠴᠦᠨ ᠢ | ᠤᠯᠠᠮ ᠨᠢᠭᠡ ᠠᠯᠬᠤᠮ ᠨᠢᠭᠲᠠᠷᠠᠭᠤᠯᠵᠤ᠂ ᠡᠮᠡᠭᠲᠡᠶᠢᠴᠦᠳ ᠨᠥᠬᠦᠳ ᠢ ᠵᠣᠷᠢᠭᠵᠢᠭᠤᠯᠤᠨ ᠡᠷᠡᠰ ᠭᠤᠶᠢᠪᠢᠰᠢ ᠥᠬᠡᠶ | ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠰᠠᠮᠠᠢ ᠰᠤᠮᠤᠨ ᠤ ᠠᠵᠤ ᠠᠬᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢᠨ ᠡᠯ᠎ᠡ | ᠵᠦᠶᠯ ᠤᠨ ᠦᠶᠯᠡᠰ ᠲᠤ ᠣᠷᠣᠯᠴᠠᠬᠤ ᠶᠢ ᠵᠣᠷᠢᠭᠵᠢᠭᠤᠯᠬᠤ ᠪᠣᠯᠤᠨ᠎ᠠ᠃ |