ᠤᠯᠢᠶᠠᠰᠤᠲᠠᠢ ᠪᠠᠯᠭᠠᠰᠤᠨ ᠤ ᠰᠢᠨᠠᠭ᠎ᠠ ᠭᠠᠴᠠᠭ᠎ᠠ 2024 ᠣᠨ ᠤ ︽ᠭᠤᠷᠪᠠᠨ ᠶᠠᠪᠤᠳᠠᠯ︾᠎ ᠢ ᠢᠯᠡ ᠪᠣᠯᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25
      ᠮᠠᠯᠴᠢᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠤᠯᠠᠮ ᠨᠢᠭᠡ ᠠᠯᠬᠤᠮ ᠪᠠᠲᠤᠯᠠᠵᠤ᠂ ᠭᠠᠴᠠᠭᠠᠨ ᠤ ᠡᠯ᠎ᠡ ᠵᠦᠢᠯ ᠤᠨ ᠠᠵᠢᠯ ᠢ ᠢᠯᠡ ᠲᠣᠳᠣ᠂ ᠵᠢᠷᠤᠮᠵᠢᠭᠤᠯᠤᠨ ᠶᠠᠪᠤᠭᠳᠠᠭᠤᠯᠬᠤ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 8᠎ ᠤ ᠡᠳᠦᠷ ᠰᠢᠨᠠᠭ᠎ᠠ ᠭᠠᠴᠠᠭ᠎ᠠ 2024 ᠣᠨ ᠤ ︽ᠭᠤᠷᠪᠠᠨ ᠶᠠᠪᠤᠳᠠᠯ︾᠎ ᠢ ᠢᠯᠡ ᠪᠣᠯᠭᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠭᠠᠴᠠᠭᠠᠨ ᠤ ᠠᠵᠢᠯ ᠤᠨ ᠳᠤᠭᠤᠶᠢᠯᠠᠩ ᠬᠤᠷᠠᠯ ᠳᠤ ᠣᠷᠣᠯᠴᠠᠨ ᠵᠢᠯᠤᠭᠤᠳᠴᠤ᠂ ᠭᠠᠴᠠᠭᠠᠨ ᠤ ︽ᠬᠤᠶᠠᠷ ᠵᠥᠪᠯᠡᠯ︾᠎ ᠤᠨ ᠭᠡᠰᠢᠭᠦᠨ᠂ ᠨᠠᠮ ᠤᠨ ᠡᠭᠦᠷ ᠤᠨ ᠨᠠᠮ ᠤᠨ ᠭᠡᠰᠢᠭᠦᠨ ᠵᠢᠴᠢ ᠮᠠᠯᠴᠢᠨ ᠲᠦᠮᠡᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠭᠠᠴᠠᠭᠠᠨ ᠤ ᠨᠠᠮ ᠤᠨ ᠡᠭᠦᠷ ᠤᠨ ᠱᠦᠵᠢ 2024 ᠣᠨ ᠤ ᠭᠠᠴᠠᠭᠠᠨ ᠤ ᠨᠠᠮ ᠤᠨ ᠶᠠᠪᠤᠳᠠᠯ᠂ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠥᠬᠦ ᠲᠠᠯ᠎ᠠ ᠶᠢᠨ ᠬᠠᠷᠢᠭᠤ ᠮᠡᠳᠡᠭᠦᠯᠦᠯᠲᠡ ᠬᠢᠵᠦ᠂ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠪᠠ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠢᠯᠡ ᠪᠣᠯᠭᠠᠪᠠ᠃ ᠮᠠᠯᠴᠢᠨ ᠲᠦᠮᠡᠨ ᠤ ᠠᠩᠬᠠᠷᠴᠤ ᠪᠠᠶᠢᠭ᠎ᠠ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ          ᠨᠠᠶᠢᠳᠠᠪᠤᠷᠢᠵᠢᠭᠤᠯᠤᠯᠲᠠ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠨᠠᠷᠢᠨ ᠪᠠᠶᠢᠳᠠᠯ ᠵᠡᠷᠭᠡ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠨ ᠲᠣᠳᠣᠷᠬᠠᠶᠢᠯᠠᠪᠠ᠃ ᠮᠥᠨ ᠴᠤ 2025 ᠣᠨ ᠤ ᠠᠵᠢᠯ ᠤᠨ ᠴᠢᠭᠯᠡᠯ ᠤᠨ ᠲᠤᠬᠠᠢ ᠲᠥᠯᠦᠪᠵᠢᠭᠦᠯᠭᠡ ᠪᠠᠶᠢᠷᠢᠯᠠᠭᠤᠯᠤᠯᠲᠠ ᠬᠢᠵᠦ᠂ ᠠᠵᠢᠯ ᠤᠨ ᠭᠤᠣᠯᠳᠠᠯᠭ᠎ᠠ ᠵᠢᠴᠢ ᠬᠠᠷᠠᠯᠲᠠ ᠡᠭᠦᠷᠭᠡ ᠶᠢ ᠲᠣᠳᠣᠷᠬᠠᠶᠢᠯᠠᠪᠠ᠃      ᠲᠠᠷᠠᠭᠠᠴᠢ ᠶᠢᠨ ᠠᠯᠬᠤᠮ ᠳᠤ᠂ ᠰᠢᠨᠠᠭ᠎ᠠ ᠭᠠᠴᠠᠭ᠎ᠠ ᠨᠢ ︽ᠭᠤᠷᠪᠠᠨ ᠶᠠᠪᠤᠳᠠᠯ︾᠎ ᠢ ᠢᠯᠡ ᠪᠣᠯᠭᠠᠬᠤ ᠬᠤᠷᠠᠯ ᠢ ᠪᠠᠶᠢᠩᠭᠤᠵᠢᠭᠤᠯᠵᠤ ᠵᠢᠷᠤᠮᠵᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ︽ᠭᠤᠷᠪᠠᠨ ᠶᠠᠪᠤᠳᠠᠯ︾᠎ ᠢ ᠢᠯᠡ ᠪᠣᠯᠭᠠᠬᠤ ᠠᠷᠭ᠎ᠠ ᠮᠠᠶ᠋ᠢᠭ ᠪᠠ ᠠᠴᠢᠶᠠᠯᠠᠪᠤᠷᠢ ᠶᠢ ᠲᠠᠰᠤᠷᠠᠯᠲᠠ ᠦᠭᠡᠢ ᠰᠢᠨᠡᠳᠬᠡᠵᠦ᠂ ᠢᠯᠡ ᠪᠣᠯᠭᠠᠬᠤ ᠶᠢᠨ ᠣᠨᠣᠪᠴᠢᠲᠤ ᠴᠢᠨᠠᠷ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠡᠷᠬᠡ ᠶᠢᠨ ᠠᠵᠢᠯᠯᠠᠭ᠎ᠠ ᠶᠢ ᠢᠯᠡ ᠪᠠᠷ ᠶᠠᠪᠤᠭᠳᠠᠭᠤᠯᠤᠨ᠎ᠠ᠃ ᠡᠭᠦᠨ ᠤ ᠬᠠᠮᠲᠤ ᠮᠠᠯᠴᠢᠳ ᠤᠨ ᠲᠥᠯᠥᠭᠡᠯᠡᠭᠴᠢᠳ ᠪᠣᠯᠣᠨ ᠬᠢᠨᠠᠯᠲᠠ ᠲᠠᠯᠪᠢᠬᠤ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠂ ᠭᠠᠴᠠᠭᠠᠨ ᠤ ᠡᠯ᠎ᠡ ᠵᠦᠢᠯ ᠤᠨ ᠠᠵᠢᠯ ᠢ ᠢᠯᠡ ᠲᠣᠳᠣ᠂ ᠡᠮᠬᠢ ᠵᠢᠷᠤᠮ ᠲᠠᠢ ᠪᠠᠶᠢᠯᠭᠠᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号