ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠦᠨᠡᠨᠬᠦ ᠴᠢᠩᠭᠠᠳᠬᠠᠵᠤ᠂ | ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠯᠠᠪᠳᠠᠭᠤᠨ ᠪᠠᠲᠤᠲᠠᠢ | ᠠᠬᠢᠭᠤᠯᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠤᠯᠢᠶᠠᠰᠤᠲᠠᠢ ᠪᠠᠯᠭᠠᠰᠤ ᠨᠢ 2025 ᠣᠨ ᠤ ᠴᠡᠷᠢᠭ ᠤᠨ | ᠶᠠᠪᠤᠳᠠᠯ ᠢ ᠵᠦᠪᠯᠡᠬᠦ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠠᠴᠠ ᠳᠡᠭᠡᠳᠦ ᠱᠠᠲᠤᠨ ᠤ | ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ | ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠵᠦ᠂ ᠪᠦᠬᠦ ᠪᠠᠯᠭᠠᠰᠤᠨ ᠤ ᠵᠡᠪᠰᠡᠭᠲᠦ | ᠬᠦᠴᠦᠨ ᠤ ᠠᠵᠢᠯ ᠳᠤ ᠪᠠᠲᠤ ᠴᠢᠩᠭ᠎ᠠ ᠤᠯᠤᠰ ᠲᠦᠷᠦ ᠶᠢᠨ ᠴᠢᠭᠯᠡᠯ ᠢ ᠲᠣᠭᠲᠠᠭᠠᠵᠤ ᠥᠭᠴᠡᠢ᠃ ᠬᠤᠷᠠᠯ ᠠᠴᠠ | 2024 ᠣᠨ ᠤ ᠵᠡᠪᠰᠡᠭᠲᠦ ᠬᠦᠴᠦᠨ ᠤ ᠠᠵᠢᠯ ᠢ ᠰᠢᠰᠲ᠋ᠧᠮ ᠲᠠᠢ ᠡᠮᠬᠢᠯᠡᠵᠦ᠂ ᠠᠮᠵᠢᠯᠲᠠ ᠪᠠᠨ ᠭᠦᠢᠴᠡᠳ | ᠨᠤᠲᠠᠯᠠᠬᠤ ᠶᠢᠨ ᠬᠠᠮᠲᠤ᠂ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠣᠨᠣᠪᠴᠢᠲᠠᠢ | ᠵᠠᠳᠠᠯᠬᠤ ᠶᠢᠨ ᠬᠠᠮᠲᠤ᠂ 2025 ᠣᠨ ᠤ ᠡᠷᠦᠬᠡ ᠶᠢᠨ ᠴᠡᠷᠢᠭ ᠤᠨ ᠳᠤᠭᠤᠶᠢᠯᠠᠩ᠂ ᠴᠡᠷᠢᠭ ᠡᠯᠰᠡᠬᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠵᠢᠴᠢ ᠬᠤᠶᠠᠷ ᠢ ᠬᠦᠷᠢᠶᠡᠯᠡᠬᠦ ᠵᠡᠷᠭᠡ ᠭᠤᠣᠯᠳᠠᠯᠭ᠎ᠠ ᠲᠠᠢ | ᠠᠵᠢᠯ ᠤᠨ ᠡᠭᠦᠷᠭᠡ ᠳᠤ ᠴᠢᠭᠯᠡᠭᠦᠯᠦᠨ᠂ ᠪᠥᠬᠦ ᠲᠠᠯ᠎ᠠ ᠪᠠᠷ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠣᠯ ᠮᠠᠨ ᠤ ᠨᠠᠮ | ᠮᠠᠨ ᠤ ᠴᠡᠷᠢᠭ ᠤᠨ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ ᠳᠠᠪᠠᠭᠤᠯᠢᠭ ᠮᠥᠨ᠂ ᠤᠯᠤᠰ ᠤᠨ ᠠᠮᠤᠷ | ᠲᠦᠪᠰᠢᠨ ᠪᠠ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠪᠦᠬᠦ ᠪᠠᠯᠭᠠᠰᠦ ᠪᠠᠷ ᠢᠶᠠᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠠᠴᠠ | ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠣᠯᠣᠨ ᠬᠠᠷᠢᠭᠤᠴᠠᠯᠭᠠᠲᠤ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠵᠡᠪᠰᠡᠭᠲᠦ ᠬᠦᠴᠦᠨ ᠤ ᠠᠵᠢᠯ ᠤᠨ | ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠵᠡᠪᠰᠡᠭᠲᠦ ᠬᠦᠴᠦᠨ ᠤ | ᠠᠵᠢᠯ ᠢ ᠳᠡᠮᠵᠢᠨ ᠪᠠᠲᠤᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠦᠬᠡ ᠶᠢᠨ ᠴᠡᠷᠢᠭ ᠤᠨ ᠡᠩᠨᠡᠭᠡ ᠶᠢ | ᠬᠠᠯᠠᠮᠵᠢᠯᠠᠨ᠂ ᠪᠣᠳᠠᠲᠠᠢ ᠠᠰᠠᠭᠤᠳᠠᠯ ᠢ ᠢᠳᠡᠪᠬᠢᠲᠡᠢ ᠰᠢᠢᠳᠪᠦᠷᠢᠯᠡᠨ᠂ ᠵᠡᠪᠰᠡᠭᠲᠦ ᠬᠦᠴᠦᠨ ᠤ ᠠᠵᠢᠯ ᠤᠨ ᠶᠠᠰᠤ | ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠲᠤᠰ ᠤᠳᠠᠭ᠎ᠠ ᠶᠢᠨ ᠴᠡᠷᠢᠭ ᠤᠨ ᠶᠠᠪᠤᠳᠠᠯ ᠢ ᠵᠦᠪᠯᠡᠬᠦ ᠲᠤᠰᠬᠠᠢ ᠰᠡᠳᠦᠪᠲᠦ ᠬᠤᠷᠠᠯ ᠤᠨ ᠬᠤᠷᠠᠯᠳᠤᠭᠰᠠᠨ | ᠨᠢ ᠤᠯᠢᠶᠠᠰᠤᠲᠠᠢ ᠪᠠᠯᠭᠠᠰᠤᠨ ᠤ 2025 ᠣᠨ ᠤ ᠵᠡᠪᠰᠡᠭᠲᠦ ᠬᠦᠴᠦᠨ ᠤ ᠠᠵᠢᠯ ᠤᠨ ᠴᠢᠭᠯᠡᠯ ᠢ ᠲᠣᠳᠣᠷᠬᠠᠶᠢᠯᠠᠵᠤ᠂ | ᠬᠦᠴᠦᠨ ᠴᠢᠳᠠᠯ ᠢ ᠨᠢᠭᠲᠠᠷᠠᠭᠤᠯᠵᠠᠢ᠃ ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤ ᠨᠢ ᠲᠤᠰ | ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠠᠮ ᠨᠡᠭᠡᠭᠡᠨ | ᠰᠢᠨ᠎ᠡ ᠶᠢ ᠡᠭᠦᠳᠴᠦ᠂ ᠵᠡᠪᠰᠡᠭᠲᠦ ᠬᠦᠴᠦᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠪᠣᠯᠣᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ᠃ |