3 ᠰᠠᠷ᠎ᠠ ᠶᠢᠨ 19 ᠤ ᠡᠳᠦᠷ᠂ ᠪᠥᠬᠦ ᠬᠤᠰᠢᠭᠤᠨ ᠤ ᠰᠠᠯᠠᠭ᠎ᠠ ᠲᠠᠰ ᠤᠨ ᠤᠳᠤᠷᠢᠳᠬᠤ ᠺᠠᠳ᠋ᠷ ᠤᠨ | ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠬᠤᠰᠢᠭᠤ ᠤᠯᠠᠭᠠᠨᠮᠥ᠋ᠴᠢᠷ ᠤᠨ | ᠣᠯᠠᠨ ᠴᠢᠳᠠᠪᠬᠢᠳᠤ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ | ᠨᠠᠮ ᠤᠨ ᠰᠤᠷᠭᠠᠭᠤᠯᠢ ( ᠵᠠᠰᠠᠭ ᠵᠠᠬᠢᠷᠭᠠᠨ ᠤ ᠰᠤᠷᠭᠠᠭᠤᠯᠢ ) ᠶᠢᠨ ᠵᠠᠬᠢᠷᠤᠯ ᠵᠧᠦ ᠢᠦᠢ ᠯᠦᠩ ᠬᠢᠴᠢᠶᠡᠯ ᠡᠬᠢᠯᠡᠬᠦ | ᠶᠣᠰᠣᠯᠠᠯ ᠳᠤ ᠣᠷᠣᠯᠴᠠᠭᠰᠠᠨ ᠪᠥᠭᠡᠳ ᠨᠠᠮ ᠤᠨ ᠬᠢᠴᠢᠶᠡᠯ ᠣᠷᠣᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ ᠬᠢᠴᠢᠶᠡᠯ ᠡᠬᠢᠯᠡᠬᠦ ᠶᠣᠰᠣᠯᠠᠯ | ᠡᠷᠭᠢᠯᠡᠵᠦ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ( ᠲᠠᠯᠠᠪᠠᠶ )᠂ ᠬᠤᠰᠢᠭᠤ ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠰᠠᠯᠠᠭ᠎ᠠ ᠲᠠᠰ ᠤᠨ ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠪᠠ ᠃ | ᠵᠧᠦ ᠢᠦᠢ ᠯᠦᠩ ᠨᠠᠮ ᠤᠨ ᠬᠢᠴᠢᠶᠡᠯ ᠳᠡᠭᠡᠷ᠎ᠡ᠂ ᠺᠠᠲᠠᠷᠴᠣᠳ ᠬᠡᠷᠬᠢᠨ ᠤᠯᠤᠰ ᠲᠥᠷᠥ ᠶᠢᠨ ᠴᠢᠳᠠᠪᠤᠷᠢ᠂ | ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ᠂ ᠥᠭᠡᠷᠡᠴᠢᠯᠡᠯᠲᠡ ᠶᠢᠨ ᠴᠢᠳᠠᠪᠤᠷᠢ᠂ ᠦᠶᠯᠡᠴᠢᠯᠡᠭᠡᠨ ᠤ | ᠴᠢᠳᠠᠪᠤᠷᠢ᠂ ᠨᠠᠶᠢᠳᠠᠪᠤᠷᠢᠵᠢᠭᠤᠯᠬᠤ ᠴᠢᠳᠠᠪᠤᠷᠢ᠂ ᠪᠡᠶ᠎ᠡ ᠪᠠᠨ ᠱᠠᠭᠠᠷᠳᠠᠬᠤ ᠴᠢᠳᠠᠪᠤᠷᠢ ᠵᠡᠷᠭᠡ ᠵᠢᠷᠭᠤᠭᠠᠨ ᠲᠠᠯ᠎ᠠ ᠪᠠᠷ | ᠴᠢᠳᠡᠪᠤᠷᠢ ᠪᠠᠨ ᠳᠡᠭᠡᠭᠰᠢᠯᠡᠭᠦᠯᠬᠦ ᠲᠤᠬᠠᠢ ᠬᠢᠴᠢᠶᠡᠯᠯᠡᠪᠡ ᠃ | ᠵᠧᠦ ᠢᠦᠢ ᠯᠦᠩ ᠴᠢᠬᠤᠯᠠᠴᠢᠯᠠᠬᠤ ᠳᠠᠭᠠᠨ᠂ ᠰᠤᠷᠤᠯᠴᠠᠯᠭ᠎ᠠ ᠪᠠᠷ ᠲᠠᠮᠵᠢᠨ ᠺᠠᠳ᠋ᠷ ᠤᠨ ᠡᠩᠨᠡᠭᠡᠨ ᠤ ᠠᠵᠢᠯ | ᠤᠨ ᠴᠢᠳᠠᠪᠤᠷᠢ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠦᠪᠰᠢᠨ ᠢ ᠳᠡᠭᠡᠭᠰᠢᠯᠡᠭᠦᠯᠵᠦ᠂ ᠡᠯ᠎ᠡ | ᠤᠳᠤᠷᠢᠳᠬᠤ ᠺᠠᠳ᠋ᠷ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠪᠦᠬᠦ ᠬᠤᠰᠢᠭᠤᠨ ᠤ ᠡᠯ᠎ᠡ ᠠᠵᠢᠯ ᠲᠦᠷᠦᠯ | ᠳᠤ ᠨᠢᠭᠲᠠᠷᠠᠭᠤᠯᠵᠤ᠂ ᠬᠤᠰᠢᠭᠤᠨ ᠤ ᠬᠥᠭᠵᠢᠯᠲᠡ ᠳᠤ ᠰᠠᠭᠤᠷᠢ ᠲᠠᠯᠪᠢᠵᠤ᠂ ᠤᠯᠤᠰ ᠲᠦᠷᠦ ᠶᠢᠨ ᠤᠨᠤᠯ ᠤᠨ | ᠴᠢᠬᠤᠯᠠ ᠴᠢᠨᠠᠷ ᠤᠨ ᠲᠠᠨᠢᠯᠲᠠ ᠪᠠᠨ ᠴᠢᠩᠭᠠᠳᠬᠠᠨ᠂ ᠨᠡᠶᠢᠭᠡᠮ ᠤᠨ ᠬᠥᠭᠵᠢᠯᠲᠡ ᠳᠤ ᠠᠮᠤᠷ ᠲᠣᠭᠲᠠᠭᠤᠨ | ᠬᠠᠯᠬᠠᠪᠴᠢ ᠪᠦᠷᠢᠯᠳᠦᠭᠦᠯᠦᠨ᠎ᠡ᠂ ᠨᠠᠮ ᠤᠨ ᠰᠤᠷᠭᠠᠭᠤᠯᠢ ᠶᠢᠨ ᠠᠵᠢᠯ ᠢ ᠴᠢᠩᠭᠠᠳᠬᠠᠨ᠂ ᠵᠢᠭᠠᠨ ᠰᠤᠷᠭᠠᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠪᠠ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠠᠮ ᠤᠨ ᠰᠤᠷᠭᠠᠭᠤᠯᠢ ᠶᠢᠨ ᠦᠶᠯᠡᠰ ᠤᠨ ᠰᠢᠨ᠎ᠡ ᠳᠡᠭᠲᠡᠷ ᠲᠤ | ᠭᠠᠷᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠶ ᠭᠡᠵᠡᠢ ᠃ | ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠭᠤᠷᠪᠠᠨ ᠡᠳᠦᠷ ᠶᠠᠪᠤᠭᠳᠠᠵᠤ᠂ ᠬᠥᠬᠡᠬᠤᠲᠠ | ᠦᠨᠳᠦᠰᠦᠲᠡᠨ ᠤ ᠳᠡᠭᠡᠳᠦ ᠰᠤᠷᠭᠠᠭᠤᠯᠢ ᠵᠢᠴᠢ ᠠᠶᠢᠮᠠᠭ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ | ᠶᠢᠨ ᠪᠠᠭᠰᠢ ᠶᠢ ᠤᠷᠢᠵᠤ ᠬᠢᠴᠢᠶᠡᠯᠯᠡᠪᠡ ᠃ |