3 ᠰᠠᠷ᠎ᠠ ᠶᠢᠨ 19 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ | ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ᠃ | ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ | ᠪᠠᠲᠤᠮᠦ᠋ᠩᠬᠡ ᠬᠤᠷᠠᠯ ᠢ ᠡᠷᠭᠢᠯᠠᠵᠠᠢ᠃ ᠬᠤᠷᠠᠯ ᠠᠴᠠ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ︽ᠤᠯᠤᠰ ᠲᠥᠷᠥ ᠶᠢᠨ | ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ 2025 | ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠤᠨ ᠲᠥᠰᠥᠯ︾ ︽ᠤᠯᠤᠰ ᠲᠥᠷᠥ ᠶᠢᠨ ᠵᠥᠪᠯᠡᠯᠭᠡᠨ ᠤ ᠵᠡᠭᠦᠨ | ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ 2025 ᠣᠨ ᠤ ᠵᠥᠪᠯᠡᠯᠭᠡᠨ ᠤ | ᠲᠥᠯᠥᠪᠯᠡᠭᠡ︾ ᠶᠢ ᠬᠢᠨᠠᠨ ᠶᠠᠷᠢᠯᠴᠠᠨ ᠪᠠᠲᠦᠯᠠᠵᠤ᠂ ᠠᠵᠢᠯᠲᠠᠨ ᠤ ᠶᠠᠪᠤᠳᠠᠯ ᠤᠨ ᠲᠤᠬᠠᠢ ᠬᠤᠯᠪᠣᠭᠳᠠᠯ ᠪᠦᠬᠦᠢ | ᠤᠴᠢᠷ ᠶᠠᠪᠤᠳᠠᠯ ᠢ ᠪᠠᠲᠤᠯᠠᠪᠠ᠃ | ᠬᠤᠷᠠᠯ ᠠᠴᠠ ᠱᠠᠭᠠᠷᠳᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠣᠭᠤᠰᠢᠯᠠᠭᠤᠯᠵᠤ᠂ ᠬᠤᠰᠢᠭᠤ ᠨᠠᠮ ᠤᠨ ᠬᠤᠷᠢᠶ᠎ᠠ ᠶᠢᠨ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠪᠣᠯᠣᠨ ᠵᠠᠰᠠᠭ ᠤᠨ ᠶᠠᠪᠤᠳᠠᠯ ᠢ ᠵᠥᠪᠯᠡᠬᠦ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠥ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ | ᠲᠣᠭᠤᠷᠢᠨ ᠳᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠢ ᠠᠩᠬᠠᠷᠴᠤ᠂ ᠰᠠᠨᠠᠯ | ᠳᠤᠷᠠᠳᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ᠂ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ ᠵᠡᠷᠭᠡ ᠡᠯ᠎ᠡ ᠵᠦᠢᠯ ᠤᠨ ᠬᠡᠯᠪᠡᠷᠢ ᠪᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠢ | ᠲᠤᠰᠬᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ | ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ |