2 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ | ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ | ᠪᠥᠬᠦᠳᠡ ( ᠥᠷᠭᠡᠳᠬᠡᠭᠰᠡᠨ ) ᠬᠤᠷᠠᠯ ᠬᠤᠷᠠᠯᠳᠤᠪᠠ᠃ ᠬᠤᠷᠠᠯ ᠠᠴᠠ 2024 ᠣᠨ ᠤ ᠪᠦᠬᠦ ᠬᠤᠰᠢᠭᠤᠨ ᠤ ᠨᠠᠮ | ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠳ᠋ᠦᠩᠨᠡᠵᠦ᠂ | 2025 ᠣᠨ ᠤ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠴᠥᠬᠦᠷᠡᠰᠢ ᠦᠭᠡᠢ ᠠᠬᠢᠭᠤᠯᠪᠠ ᠃ | ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠦᠢ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠠᠶᠢᠮᠠᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠨᠥᠬᠦᠳ ᠬᠤᠷᠠᠯ ᠳᠤ | ᠣᠷᠣᠯᠴᠠᠨ ᠵᠢᠭᠠᠨ ᠵᠢᠯᠣᠭᠤᠳᠪᠠ ᠃ | ᠵᠧᠦ ᠢᠦᠢ ᠯᠦᠩ ᠵᠢᠭᠠᠬᠤ ᠳᠠᠭᠠᠨ᠂ ᠥᠩᠭᠡᠷᠡᠭᠰᠡᠨ ᠨᠢᠭᠡ ᠵᠢᠯ ᠳᠤ᠂ ᠬᠤᠰᠢᠭᠤ ᠨᠠᠮ ᠤᠨ ᠬᠤᠷᠢᠶ᠎ᠠ ᠠᠴᠠ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠡᠷᠡᠰ ᠲᠤᠭᠤᠰᠢᠯᠠᠭᠤᠯᠵᠤ᠂ | ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠪᠣᠳᠠᠲᠠᠢ | ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠡᠯ᠎ᠡ ᠵᠦᠢᠯ ᠤᠨ ᠠᠵᠢᠯ ᠢ ᠭᠦᠨᠵᠡᠭᠡᠢ ᠠᠬᠢᠭᠤᠯᠵᠤ᠂ ᠪᠦᠬᠦ ᠬᠤᠰᠢᠭᠤᠨ ᠤ ᠤᠯᠤᠰ ᠲᠦᠷᠦ ᠶᠢᠨ ᠠᠮᠢ | ᠠᠬᠤᠢ ᠪᠣᠯᠤᠨ ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠦᠨᠡᠨ ᠪᠣᠳᠠᠲᠠᠢ ᠦᠷ᠎ᠡ | ᠪᠦᠲᠦᠭᠡᠯ ᠣᠯᠵᠠᠢ ᠃ ᠡᠨᠡ ᠵᠢᠯ ᠪᠣᠯ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ | ᠪᠥᠬᠦ ᠲᠠᠯ᠎ᠠ ᠪᠠᠷ ᠪᠡᠶᠡᠯᠡᠭᠦᠯᠬᠦ ᠰᠡᠭᠦᠯ ᠬᠤᠷᠢᠶᠠᠬᠤ ᠵᠢᠯ ᠮᠥᠨ᠂ ᠪᠠᠰᠠ ᠴᠤ 《 ᠠᠷᠪᠠᠨ ᠲᠠᠪᠤᠳᠤᠭᠠᠷ ᠲᠠᠪᠤᠨ | ᠵᠢᠯ 》 ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠰᠠᠭᠤᠷᠢ ᠶᠢ ᠪᠠᠲᠤ ᠲᠠᠯᠪᠢᠬᠤ ᠵᠠᠩᠭᠢᠯᠠᠭ᠎ᠠ | ᠶᠢᠨ ᠵᠢᠯ ᠮᠥᠨ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ | ᠵᠢᠴᠢ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ( ᠥᠷᠭᠡᠳᠬᠡᠭᠰᠡᠨ ) ᠬᠤᠷᠠᠯ ᠤᠨ ᠵᠣᠷᠢᠭ ᠰᠠᠨᠠᠭ᠎ᠠ | ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ | ᠢᠶᠠᠨ ᠢᠮᠠᠭᠲᠠ ᠪᠠᠲᠤᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ | ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ | ᠵᠠᠰᠠᠬᠤ᠂ ᠰᠢᠰᠲ᠋ᠧᠮ ᠲᠠᠢ ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠶ ᠳᠠᠶᠢᠯᠠᠯᠳᠤᠭᠠᠨ᠂ ᠶᠡᠷᠦᠩᠬᠡᠶ ᠳᠠᠶᠢᠯᠠᠯᠳᠤᠭᠠᠨ ᠤ ᠢᠯᠠᠯᠲᠠ ᠶᠢ | ᠡᠷᠡᠰ ᠣᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ | ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ ᠃ | ᠵᠧᠦ ᠢᠦᠢ ᠯᠦᠩ ᠴᠢᠬᠤᠯᠠᠴᠢᠯᠠᠬᠤ ᠳᠠᠭᠠᠨ᠂ ᠤᠬᠠᠮᠰᠠᠷ ᠠᠴᠠ ᠪᠠᠨ 《 ᠬᠤᠶᠠᠷ ᠢ ᠬᠠᠮᠠᠭᠠᠯᠠᠬᠤ 》 ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠥᠬᠦᠷᠡᠰᠢ ᠦᠭᠡᠢ | ᠴᠢᠩᠭᠠᠳᠬᠠᠵᠤ᠂ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠶᠢ ᠡᠷᠡᠰ ᠭᠤᠶᠢᠪᠢᠰᠢ | ᠦᠭᠡᠢ ᠠᠬᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠃ ᠪᠦᠬᠦ ᠬᠤᠰᠢᠭᠤᠨ ᠤ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠨᠢᠭᠡᠳᠦᠯᠲᠡᠢ ᠵᠣᠬᠢᠴᠠᠭᠤᠯᠬᠤ ᠨᠠᠮ ᠢ | ᠬᠠᠮᠢᠶᠠᠷᠴᠤ ᠨᠠᠮ ᠢ ᠵᠠᠰᠠᠬᠤ ᠠᠵᠢᠯ ᠤᠨ ᠪᠠᠶᠢᠷᠢᠰᠢᠯ ᠢ ᠪᠠᠶᠢᠭᠤᠯᠤᠨ ᠪᠦᠷᠢᠨᠰᠢᠬᠦᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠳᠠ ᠦᠭᠡᠢ ᠠᠬᠢᠭᠤᠯᠵᠤ᠂ ᠰᠠᠶᠢᠨ | ᠰᠠᠶᠢᠬᠠᠨ ᠤᠯᠤᠰ ᠲᠦᠷᠦ ᠶᠢᠨ ᠠᠮᠢ ᠠᠬᠤᠢ ᠪᠠᠷ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ | ᠰᠢᠨ᠎ᠡ ᠬᠥᠭᠵᠢᠯᠲᠡ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ ᠬᠤᠷᠠᠯ ᠢ ᠡᠷᠭᠢᠯᠡᠭᠰᠡᠨ ᠪᠥᠭᠡᠳ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠠ᠃ ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ | 2025 ᠣᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠭᠤᠰᠢᠯᠠᠭᠤᠯᠵᠦ᠂ | ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ᠂ ᠠᠶᠢᠮᠠᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠪᠠᠶᠢᠷᠢᠯᠠᠭᠤᠯᠤᠯᠲᠠ ᠪᠣᠯᠣᠨ ᠬᠤᠰᠢᠭᠤ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠳᠣᠭᠤᠰᠢᠯᠠᠭᠤᠯᠵᠦ᠂ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ | ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ | ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂《 ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ | ᠨᠡᠭᠡᠭᠡᠵᠦ ᠳᠤᠮᠳᠠ ᠤᠷᠤᠰᠬᠠᠯ ᠳᠤ ᠣᠷᠣᠬᠤ 》 ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠬᠤᠷᠠᠯ ᠳᠤ ᠪᠠᠰᠠ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠳᠤᠪᠡᠷ ᠦᠵᠡᠵᠠᠢ ᠃ | ᠡᠯ᠎ᠡ ᠰᠤᠮᠤ ᠪᠠᠯᠭᠠᠰᠦ ︵ᠲᠠᠯᠠᠪᠠᠢ︶ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤ ᠨᠠᠮ ᠤᠨ | ᠬᠤᠷᠢᠶᠠᠨ ᠤ ᠡᠯ᠎ᠡ ᠬᠡᠯᠲᠡᠰ ᠵᠥᠪᠯᠡᠯ ᠠᠯᠪᠠᠨ ᠬᠡᠷ ᠲᠣᠪᠴᠢᠶ᠎ᠠ᠂ ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ | ᠡᠯ᠎ᠡ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ( ᠨᠠᠮ ᠤᠨ ᠬᠤᠷᠢᠶ᠎ᠠ )᠂ ᠡᠯ᠎ᠡ ᠠᠷᠠᠳ ᠤᠨ ᠪᠦᠯᠬᠦᠮ | ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ |