ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠵᠡᠭᠦᠨ ᠦᠵᠦᠮᠦᠴᠢᠨ | ᠬᠤᠰᠢᠭᠤ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ᠭᠠᠳᠠᠭᠠᠳᠤ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠨ᠂ ᠡᠷᠬᠢᠨ ᠲᠣᠭᠤᠷᠢᠨ ᠤ ᠭᠠᠵᠠᠷ ᠣᠷᠣᠨ ᠵᠢᠴᠢ ᠨᠠᠩ | ᠬᠤᠯᠠ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠪᠥᠬᠦ | ᠲᠠᠯ᠎ᠠ ᠶᠢᠨ ᠬᠥᠭᠵᠢᠯᠲᠡ ᠶᠢ ᠠᠬᠢᠭᠤᠯᠪᠠ᠃ | ᠥᠨᠳᠥᠷ ᠲᠦᠪᠰᠢᠨ ᠪᠦᠬᠦᠢ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠵᠡᠭᠦᠨ ᠬᠠᠲᠠᠪᠴᠢ ᠪᠣᠭᠤᠮᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠢ ᠭᠤᠶᠤᠴᠢᠯᠠᠨ | ᠪᠠᠶᠢᠭᠤᠯᠬᠤ ᠠᠵᠢᠯ ᠢ ᠢᠳᠡᠪᠬᠢᠲᠡᠶ ᠪᠠᠷ ᠠᠬᠢᠭᠤᠯᠤᠨ᠂ ᠪᠣᠯᠤᠮᠵᠢᠲᠤ ᠪᠠᠶᠢᠴᠠᠭᠠᠨ ᠰᠤᠳᠤᠯᠤᠯᠲᠠ ᠬᠢᠵᠦ᠂ ᠪᠦᠲᠦᠭᠡᠨ | ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠠᠮᠢᠶ᠎ᠠ ᠪᠦᠬᠦᠢ ᠡᠮᠦᠨᠡᠬᠢ ᠬᠤᠭᠤᠴᠠᠭᠠᠨ ᠤ | ᠭᠠᠷᠳᠠᠮ ᠢ ᠭᠦᠢᠴᠡᠳᠭᠡᠨ᠎ᠡ᠃ ᠪᠣᠭᠤᠮᠲᠠ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠠᠰᠤ ᠴᠢᠨᠠᠷ ᠦᠷ᠎ᠡ | ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠂ ᠬᠢᠯᠢ ᠠᠯᠤᠰᠯᠠᠭᠰᠠᠨ ᠵᠠᠰᠠᠮᠠᠯ ᠵᠠᠮ᠂ ᠲᠡᠮᠦᠷ ᠵᠠᠮ ᠤᠨ ᠡᠮᠦᠨᠡᠬᠢ | ᠬᠤᠭᠤᠴᠠᠭᠠᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ | ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠬᠤᠶᠠᠷ ᠲᠠᠯ᠎ᠠ ᠶᠢᠨ ᠨᠡᠭᠦᠷᠡᠰᠦᠲᠥ᠋ᠷᠥᠭᠴᠢ ᠥᠬᠡᠶ ᠬᠦᠷᠢᠶᠡᠯᠡᠩ ᠲᠣᠭᠤᠷᠢᠭ ᠢ | ᠰᠦᠪᠡᠭᠴᠢᠯᠡᠨ ᠪᠠᠶᠢᠭᠤᠯᠵᠤ᠂ ᠡᠨᠡ ᠵᠢᠯ ᠪᠥᠬᠦ ᠬᠤᠰᠢᠭᠤᠨ ᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 9.8% ᠪᠠᠷ ᠨᠡᠮᠡᠭᠳᠡᠭᠦᠯᠬᠦ ᠪᠠᠷ ᠴᠢᠷᠮᠠᠶᠢᠨ᠂ | 450 ᠲᠦᠮᠡᠨ ᠲᠣᠨ ᠳᠤ ᠬᠦᠷᠭᠡᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ | ᠬᠠᠮᠲᠤᠷᠠᠯᠴᠠᠭᠠᠨ ᠤ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠮᠳᠠᠳᠤ | ᠮᠣᠩᠭᠤᠯ ᠤᠨ ᠠᠮᠢ ᠠᠬᠤᠶ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠣᠷᠣᠨ ᠤ ᠡᠮᠦᠨᠡᠬᠢ | ᠬᠤᠭᠤᠴᠠᠭᠠᠨ ᠤ ᠠᠵᠢᠯ ᠢ ᠠᠬᠢᠭᠤᠯᠬᠤ ᠶᠢᠨ ᠬᠠᠮᠲᠤ ᠵᠡᠭᠦᠨ ᠬᠠᠲᠠᠪᠴᠢ ᠬᠢᠯᠢ ᠶᠢᠨ ᠵᠢᠭᠤᠯᠴᠢᠯᠠᠯ ᠤᠨ | ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠮᠣᠩᠭᠤᠯ | ᠤᠯᠤᠰ ᠤᠨ ᠬᠠᠮᠢᠶ᠎ᠠ ᠪᠥᠬᠦᠶ ᠬᠦᠷᠢᠶᠡᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠨ᠂ ᠭᠠᠳᠠᠭᠠᠳᠤ ᠠᠭᠤᠯᠵᠠᠯᠲᠠ | ᠰᠣᠯᠢᠯᠴᠠᠭ᠎ᠠ ᠪᠠᠨ ᠴᠢᠩᠭᠠᠳᠬᠠᠵᠤ᠂ ᠮᠣᠩᠭᠤᠯ ᠤᠯᠤᠰ ᠤᠨ ᠪᠠᠷᠠᠭᠤᠬᠤᠷᠲᠤ ᠬᠤᠲᠠ ᠲᠠᠢ ᠨᠥᠬᠦᠷᠰᠡᠭ ᠬᠤᠲᠠ ᠶᠢᠨ | ᠬᠠᠷᠢᠴᠠᠭ᠎ᠠ ᠪᠠᠶᠢᠭᠤᠯᠬᠤ ᠶᠢ ᠠᠬᠢᠭᠤᠯᠦᠨ᠎ᠡ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠴᠢᠳᠠᠪᠤᠷᠢᠲᠠᠨ ᠢ | ᠬᠥᠮᠥᠵᠢᠭᠦᠯᠵᠦ᠂ ᠬᠦᠰᠡᠯ ᠡᠷᠡᠮᠡᠯᠵᠡᠯ ᠲᠠᠢ ᠠᠵᠤ ᠠᠬᠤᠶᠢᠯᠠᠯ ᠢ ᠬᠠᠪᠰᠤᠷᠤᠨ ᠭᠠᠷ ᠳᠠᠮᠵᠢᠭᠰᠠᠨ ᠮᠠᠰᠢᠨ ᠲᠡᠷᠭᠡ ᠶᠢ | ᠭᠠᠳᠠᠭᠠᠳᠤ ᠳᠤ ᠭᠠᠷᠭᠠᠬᠤ ᠶᠢ ᠳᠠᠩᠰᠠᠯᠠᠭᠤᠯᠬᠤ ᠪᠠᠷ ᠮᠡᠳᠡᠭᠦᠯᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠦᠵᠡᠰᠬᠦᠯᠡᠩ ᠪᠠ ᠠᠵᠢᠯᠯᠠᠭ᠎ᠠ ᠳᠤ ᠣᠷᠣᠯᠴᠠᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠠᠬᠢᠭᠤᠯᠦᠨ᠎ᠡ᠃ ᠪᠣᠭᠤᠮᠲᠠ ᠬᠢᠭᠡᠳ ᠳᠣᠲᠣᠷ ᠭᠠᠵᠠᠷ ᠤᠨ ᠵᠣᠬᠢᠴᠠᠯᠳᠤᠨ ᠬᠥᠭᠵᠢᠬᠦ ᠶᠢ | ᠴᠢᠩᠭᠠᠳᠬᠠᠵᠤ᠂ ᠵᠡᠭᠦᠨ ᠬᠠᠲᠠᠪᠴᠢ ᠪᠣᠭᠤᠮᠲᠠ ᠶᠢᠨ ᠨᠡᠭᠦᠷᠡᠰᠦᠨ ᠤ ᠬᠤᠯᠢᠯᠳᠤᠭᠤᠯᠤᠨ ᠲᠣᠬᠢᠷᠠᠭᠤᠯᠬᠤ ᠠᠵᠤ | ᠦᠢᠯᠡᠰ ᠤᠨ ᠬᠡᠪᠴᠢᠶ᠎ᠡ ᠶᠢ ᠥᠷᠭᠡᠳᠬᠡᠬᠦ ᠳᠤ ᠬᠦᠴᠦᠨ ᠨᠡᠮᠡᠷᠢᠯᠡᠵᠦ᠂ ᠪᠥᠬᠦ ᠵᠢᠯ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ ᠶᠢ 10% ᠪᠠᠷ ᠨᠡᠮᠡᠭᠳᠡᠭᠦᠯᠵᠦ᠂ 8.48 ᠳ᠋ᠦᠩᠰᠢᠭᠤᠷ | ᠲᠥᠭᠦᠷᠢᠭ ᠲᠤ ᠬᠦᠷᠭᠡᠨ᠎ᠡ᠃ | ᠤᠯᠤᠰ ᠤᠨ ᠳᠣᠲᠣᠭᠠᠳᠤ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠦᠨ᠎ᠡ᠃ | ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠭᠡᠳᠬᠡᠵᠦ᠂ ᠰᠤᠷᠭᠠᠨ ᠬᠥᠮᠦᠵᠢᠯ᠂ | ᠡᠮᠴᠢᠯᠡᠭᠡ ᠵᠡᠷᠭᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ︾ ᠪᠠ ︽ᠲᠦᠷᠪᠡᠨ ᠵᠦᠢᠯ ᠤᠨ ᠠᠵᠢᠯᠯᠠᠭ᠎ᠠ︾ ᠳᠤ ᠢᠳᠡᠪᠬᠢᠲᠡᠢ ᠤᠷᠤᠯᠴᠠᠨ᠎ᠠ᠃ ᠡᠭᠦᠨ ᠤ ᠬᠠᠮᠲᠤ᠂ | ᠳᠠᠪᠠᠭᠤᠯᠢᠭ ᠣᠨᠴᠠᠯᠢᠭᠲᠤ ᠠᠵᠤ ᠦᠢᠯᠡᠰ ᠲᠠᠢ ᠨᠢᠭᠲᠠ ᠤᠶᠠᠯᠳᠤᠭᠤᠯᠤᠨ᠂ ᠨᠠᠷᠢᠯᠢᠭ ᠤᠨᠤᠪᠴᠢᠲᠠᠢ ᠪᠠᠷ | ᠬᠤᠳᠠᠯᠳᠤᠭᠠᠴᠢᠨ ᠤᠷᠢᠵᠤ᠂ ᠠᠵᠤ ᠦᠢᠯᠡᠰ ᠤᠨ ᠰᠢᠯᠵᠢᠯᠲᠡ ᠶᠢ ᠵᠠᠯᠭᠠᠨ ᠠᠪᠴᠤ᠂ ᠪᠥᠬᠦ ᠵᠢᠯ ᠳᠤ ᠣᠷᠣᠭᠤᠯᠤᠨ | ᠠᠪᠴᠢᠷᠠᠵᠤ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 10% ᠠᠴᠠ ᠳᠡᠭᠡᠭᠰᠢ ᠨᠡᠮᠡᠭᠳᠡᠭᠦᠯᠵᠦ᠂ 18.7 | ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ᠰᠣᠶᠣᠯ ᠵᠢᠭᠤᠯᠴᠢᠯᠠᠯ ᠤᠨ ᠣᠷᠣᠨ ᠪᠦᠰᠡ ᠶᠢᠨ | ᠬᠤᠯᠪᠣᠭᠠᠯᠠᠨ ᠬᠥᠳᠡᠯᠦᠯᠴᠡᠵᠦ ᠬᠤᠤᠰ ᠴᠢᠭᠯᠡᠯ ᠢᠶᠠᠷ ᠬᠠᠮᠲᠤ ᠪᠠᠷ ᠠᠰᠢᠭ ᠭᠥᠷᠳᠡᠬᠦ ᠶᠢ ᠦᠷᠭᠦᠯᠵᠢᠯᠡᠨ ᠠᠬᠢᠭᠤᠯᠵᠤ᠂ | ᠥᠪᠥᠷ ᠮᠣᠩᠭᠤᠯ ᠤᠨ ᠵᠡᠭᠦᠨ ᠬᠡᠰᠡᠭ᠂ ᠪᠡᠭᠡᠵᠢᠩ ᠲᠢᠶᠠᠨᠵᠢᠨ ᠾᠧᠪᠧᠶ᠂ ᠣᠷᠣᠰ ᠮᠣᠩᠭᠤᠯ ᠵᠡᠷᠭᠡ ᠭᠠᠵᠠᠷ | ᠣᠷᠣᠨ ᠤ ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ | ᠴᠢᠩᠭᠠᠳᠬᠠᠵᠤ᠂ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ | ︽ᠥᠪᠥᠷ ᠮᠣᠩᠭᠤᠯ ᠤᠨ ᠦᠨᠦᠷ ᠠᠮᠲᠠ︾ ᠶᠢᠨ ᠨᠠᠷᠠᠲᠤ ᠲᠥᠷᠥᠯ ᠲᠡᠮᠳᠡᠭᠲᠦ ᠶᠢ ᠭᠤᠶᠤᠴᠢᠯᠠᠨ ᠮᠡᠳᠡᠭᠦᠯᠵᠦ᠂ | ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠷᠡᠭᠦᠯᠬᠦ ᠠᠵᠢᠯᠯᠠᠭ᠎ᠠ ᠳᠤ | ᠣᠷᠣᠯᠴᠠᠭᠤᠯᠤᠨ᠂ ᠰᠢᠭᠤᠳ ᠨᠡᠪᠲᠡᠷᠡᠭᠦᠯᠭᠡ ᠶᠢ ᠵᠣᠬᠢᠶᠠᠨ ᠪᠠᠶᠢᠭᠤᠯᠤᠨ ᠪᠠᠷᠠᠭ᠎ᠠ ᠬᠤᠳᠠᠯᠳᠤᠭᠤᠯᠵᠤ᠂ ᠠᠵᠤ | ᠦᠢᠯᠡᠰ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠲᠠᠢ ᠬᠠᠮᠲᠤᠷᠠᠯᠴᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠦᠨ᠎ᠡ᠃ ᠣᠷᠣᠨ ᠪᠦᠰᠡ ᠶᠢᠨ ᠰᠤᠷᠭᠠᠨ | ᠬᠥᠮᠦᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠳᠤ | ᠢᠳᠡᠪᠬᠢᠲᠡᠶ ᠣᠷᠣᠯᠴᠠᠵᠤ᠂ ᠣᠯᠠᠨ ᠰᠤᠷᠭᠠᠭᠤᠯᠢ ᠲᠠᠢ ᠵᠣᠯᠭᠠᠭᠤᠯᠵᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠰᠣᠯᠢᠯᠴᠠᠭ᠎ᠠ ᠶᠢ ᠥᠷᠨᠢᠭᠦᠯᠦᠨ᠎ᠡ᠃ | ᠠᠵᠠ ᠲᠣᠬᠢᠶᠠᠯ ᠢ ᠠᠮᠵᠢᠨ ᠬᠦᠭᠵᠢᠭᠦᠯᠦᠨ᠎ᠡ᠃ ᠵᠡᠭᠦᠨ ᠬᠡᠰᠡᠭ ᠤᠨ ᠭᠠᠵᠠᠷ ᠣᠷᠣᠨ ᠢ ᠬᠥᠭᠵᠢᠭᠦᠯᠦᠨ | ᠮᠠᠨᠳᠤᠭᠤᠯᠬᠤ ᠳᠤ ᠢᠳᠡᠪᠬᠢᠲᠡᠶ ᠠᠭᠤᠰᠤᠯᠴᠠᠵᠤ᠂ ᠠᠵᠤ ᠦᠢᠯᠡᠰ ᠤᠨ ᠬᠠᠮᠵᠢᠯᠴᠠᠭ᠎ᠠ ᠵᠡᠷᠭᠡ ᠬᠦᠷᠢᠶ᠎ᠡ ᠴᠠᠷᠠᠭ᠎ᠠ ᠪᠠᠷ | ᠬᠥᠲᠥᠯᠦᠮᠵᠢ ᠪᠣᠯᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠳᠤ ᠣᠷᠣᠯᠴᠠᠵᠤ᠂ ᠡᠬᠡ ᠬᠠᠭᠤᠷᠠᠶ ᠲᠡᠯᠡᠶ ᠶᠢᠨ | ᠰᠢᠨ᠎ᠡ ᠨᠡᠪᠲᠡᠷᠡᠬᠦ ᠵᠠᠮ ᠤᠨ ᠲᠥᠯᠥᠪᠵᠢᠭᠦᠯᠭᠡ ᠶᠢᠨ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ ᠬᠠᠮᠢᠶ᠎ᠠ ᠪᠥᠬᠦᠶ | ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠦᠨ᠎ᠡ᠃ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ | ᠲᠤᠭᠲᠠᠯᠴᠠᠭ᠎ᠠ ᠶᠢ ᠲᠦᠷᠭᠡᠳᠭᠡᠨ ᠪᠠᠢᠭᠤᠯᠵᠤ᠂ ᠤᠯᠤᠰ ᠤᠨ ᠳᠡᠰ ᠤᠨ 625 ᠨᠣᠮᠧᠷᠲᠣ ᠵᠠᠰᠠᠮᠠᠯ ᠵᠠᠮ ᠤᠨ ᠲᠥᠷᠥᠯ | ᠵᠦᠢᠯ ᠤᠨ ᠠᠵᠢᠯ ᠡᠬᠢᠯᠡᠭᠦᠯᠬᠦ ᠶᠢ ᠠᠬᠢᠭᠤᠯᠵᠤ᠂ ᠮᠣᠵᠢ ᠶᠢᠨ ᠳᠡᠰ ᠤᠨ 221 ᠨᠤᠮᠧᠷᠲᠦ ᠵᠠᠰᠠᠮᠠᠯ ᠵᠠᠮ ᠤᠨ ᠲᠥᠷᠥᠯ | ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠤᠯᠠᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠲᠦᠷᠦᠯ ᠵᠦᠢᠯ ᠢ ᠲᠥᠯᠥᠪᠵᠢᠭᠦᠯᠦᠨ | ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | |