3 ᠰᠠᠷ᠎ᠠ ᠶᠢᠨ 21 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯᠳᠣᠭᠠᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ ᠲᠤᠰᠢᠶᠠᠨ ᠭᠦᠢᠴᠡᠳᠭᠡᠭᠦᠯᠬᠦ ᠬᠤᠷᠠᠯ ᠬᠤᠷᠠᠯᠳᠣᠪᠠ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠪᠠᠲᠤᠮᠥ᠋ᠩᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ | ᠬᠤᠰᠢᠭᠤ ᠳᠠᠷᠤᠭ᠎ᠠ ᠬᠦᠳᠡᠷ ᠪᠤᠯᠤᠨ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠤᠯᠤᠰ ᠲᠥᠷᠥ ᠶᠢᠨ | ᠵᠥᠪᠯᠡᠯᠭᠡᠨ ᠤ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠵᠥᠪᠯᠡᠯ ᠵᠢᠴᠢ ᠬᠤᠯᠪᠣᠭᠳᠠᠯ | ᠪᠥᠬᠦᠶ ᠳᠠᠭᠠᠭᠠᠨ ᠭᠦᠶᠴᠡᠳᠬᠡᠬᠦ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠬᠤᠷᠠᠯ ᠢ | ᠡᠷᠭᠢᠯᠡᠪᠡ᠃ | ᠬᠤᠷᠠᠯ ᠳᠡᠭᠡᠷ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯᠳᠣᠭᠠᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢᠨ ᠪᠠᠶᠢᠳᠠᠯ ᠳᠤ | ᠲᠣᠳᠣᠷᠬᠠᠶᠢᠯᠠᠯᠲᠠ ᠬᠢᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠠᠴᠠ ᠨᠠᠰᠢ᠂ ᠨᠡᠶᠢᠲᠡ 75 ᠬᠤᠪᠢ ᠰᠠᠨᠠᠯ ᠳᠤᠷᠠᠳᠤᠯᠭ᠎ᠠ | ᠶᠢ ᠭᠥᠯᠢᠶᠡᠨ ᠠᠪᠴᠤ᠂ ᠬᠢᠨᠠᠨ ᠪᠠᠶᠢᠴᠠᠭᠠᠬᠤ ᠪᠠᠷ ᠳᠡᠮᠵᠢᠨ 64 ᠬᠤᠪᠢ ᠶᠢ ᠨᠢ ᠳᠡᠩᠰᠡᠯᠡᠪᠡ᠃ | ᠬᠤᠷᠠᠯ ᠠᠴᠠ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯᠳᠣᠭᠠᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ | ᠭᠦᠢᠴᠡᠳᠭᠡᠭᠦᠯᠬᠦ ᠶᠣᠰᠣᠯᠠᠯ ᠶᠠᠪᠤᠭᠤᠯᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠳᠠᠭᠠᠭᠠᠨ ᠠᠪᠴᠤ ᠭᠦᠶᠴᠡᠳᠬᠡᠬᠦ ᠨᠢᠭᠡᠴᠡ ᠶᠢᠨ ᠬᠢᠨ ᠡᠭᠦᠷᠭᠡ | ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠵᠦ᠂ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠥᠭᠵᠢᠯᠲᠡ ᠶᠢ | ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ | ᠬᠡᠷᠡᠭᠲᠡᠢ᠃ ᠰᠠᠨᠠᠯ ᠳᠤᠷᠠᠳᠤᠯᠭ᠎ᠠ ᠶᠢᠨ ᠵᠦᠪᠯᠡᠯ ᠠᠴᠠ ᠬᠠᠮᠲᠤᠷᠠᠨ ᠱᠠᠭᠠᠷᠳᠠᠨ ᠭᠦᠢᠴᠡᠳᠭᠡᠭᠦᠯᠬᠦ ᠠᠵᠢᠯ ᠢ | ᠴᠢᠩᠭᠠᠳᠬᠠᠵᠤ᠂ ᠦᠷ᠎ᠡ ᠳ᠋ᠦᠩ ᠢ ᠢᠯᠡ ᠪᠣᠯᠭᠠᠵᠤ ᠬᠢᠨᠠᠯᠲᠠ ᠬᠦᠯᠢᠶᠡᠬᠦ ᠬᠡᠷᠡᠭᠲᠡᠢ ᠭᠡᠵᠡᠢ᠃ |