3 ᠰᠠᠷ᠎ᠠ ᠶᠢᠨ 21 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠲᠤᠰᠢᠶᠠᠨ ᠭᠦᠢᠴᠡᠳᠬᠡᠬᠦ | ᠬᠤᠷᠠᠯ ᠬᠤᠷᠠᠯᠳᠤᠪᠠ᠃ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠤ ᠬᠤᠭᠤᠴᠠᠭᠠᠨ ᠳᠤ ᠳᠤᠷᠠᠳᠤᠭᠰᠠᠨ 107 ᠬᠤᠪᠢ | ᠰᠠᠨᠠᠯ ᠵᠥᠪᠯᠡᠯᠭᠡ ᠶᠢ ᠲᠤᠰᠢᠶᠠᠨ ᠰᠢᠶᠳᠪᠦᠷᠢᠯᠡᠭᠦᠯᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠬᠤᠷᠠᠯ ᠢ ᠡᠷᠬᠢᠯᠡᠵᠦ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠠᠩ ᠱᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠦᠳᠡᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠰᠦ᠋ᠭᠡ ᠬᠤᠷᠠᠯ ᠳᠤ ᠣᠷᠣᠯᠴᠠᠪᠠ᠃ | ᠴᠠᠩ ᠱᠧᠩ ᠵᠢᠭᠠᠬᠤ ᠳᠠᠭᠠᠨ᠂ ᠡᠯ᠎ᠡ ᠳᠠᠭᠠᠭᠠᠨ ᠰᠢᠶᠳᠪᠦᠷᠢᠯᠡᠬᠦ ᠨᠢᠭᠡᠴᠢ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠥᠩᠭᠡᠷᠡᠭᠰᠡᠨ ᠤ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠠᠵᠢᠯ ᠤᠨ ᠳᠤᠲᠠᠭᠤᠳᠠᠯ ᠬᠦᠷᠦᠯᠴᠡᠬᠦ ᠥᠬᠡᠶ ᠲᠠᠯ᠎ᠠ | ᠪᠠᠨ ᠨᠥᠬᠦᠪᠥᠷᠢᠯᠡᠵᠦ᠂ ᠡᠨᠡ ᠵᠢᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠰᠢᠶᠳᠪᠦᠷᠢᠯᠡᠬᠦ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠳᠠᠭᠠᠭᠠᠨ ᠰᠢᠢᠳᠪᠦᠷᠢᠯᠡᠬᠦ ᠨᠢᠭᠡᠴᠢ ᠶᠢᠨ ᠬᠢᠨ ᠡᠭᠦᠷᠭᠡ | ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠥᠯᠥᠭᠡᠯᠡᠭᠴᠢ ᠲᠠᠢ ᠪᠠᠶᠢᠩᠭᠤ ᠬᠠᠷᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠰᠢᠢᠳᠪᠦᠷᠢᠯᠡᠬᠦ | ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠤᠨ ᠬᠤᠪᠢᠶᠠᠷᠢᠯᠠᠯ ᠪᠣᠯᠤᠨ ᠪᠡᠶᠡᠯᠡᠭᠦᠯᠬᠦ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ | ᠦᠨᠡᠨ ᠪᠣᠳᠠᠲᠠᠢ ᠰᠢᠢᠳᠪᠦᠷᠢᠯᠡᠭᠰᠡᠨ ᠦᠷ᠎ᠡ ᠪᠦᠲᠦᠮᠵᠢ ᠪᠠᠷ ᠢᠶᠠᠨ ᠲᠥᠯᠥᠭᠡᠯᠡᠭᠴᠢᠳ ᠤᠨ ᠠᠩᠬᠠᠷᠤᠯ ᠪᠣᠯᠤᠨ ᠤᠯᠠᠨ | ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ ᠭᠡᠵᠡᠢ᠃ |