ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠤᠢ ᠯᠥᠩ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠢ ᠪᠠᠶᠢᠴᠠᠭᠠᠨ ᠰᠤᠳᠦᠯᠪᠠ
ᠨᠡᠶᠢᠲᠡᠯᠡᠭᠰᠡᠨ ᠴᠠᠭ᠄
2025/3/4
      2 ᠰᠠᠷ᠎ᠠ ᠶᠢᠨ 20᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠸᠤ ᠢᠤᠢ ᠯᠥᠩ ᠮᠠᠨ ᠤ ᠬᠤᠰᠢᠭᠤᠨ ᠤ ᠡᠯ᠎ᠡ ᠰᠤᠷᠭᠠᠭᠤᠯᠢ᠂  ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ᠂ ᠰᠤᠷᠭᠠᠭᠤᠯᠢ ᠡᠬᠢᠯᠡᠭᠦ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ᠃        ᠬᠤᠰᠢᠭᠤ ᠶᠡᠷᠦᠩᠬᠡᠶᠢᠯᠡᠭᠰᠡᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠳᠤ᠂ ᠵᠧᠦ ᠢᠤᠢ ᠯᠥᠩ ᠰᠤᠷᠤᠭᠴᠢᠳ ᠤᠨ ᠬᠦᠭᠵᠢᠯᠳᠡ ᠶᠢ ᠵᠢᠯᠤᠭᠤᠳᠬᠤ ᠳᠥᠪ᠂ ᠠᠵᠢᠯ ᠮᠡᠷᠭᠡᠵᠢᠯ ᠰᠤᠷᠭᠠᠨ ᠬᠦᠮᠦᠵᠢᠯ ᠤᠨ ᠪᠤᠯᠪᠠᠰᠤᠷᠠᠯ ᠎ ᠤᠨ ᠰᠠᠭᠤᠷᠢᠨ ᠭᠠᠵᠠᠷ ᠵᠡᠷᠭᠡ ᠶᠢ ᠪᠠᠶᠢᠴᠠᠭᠠᠨ ᠦᠵᠡᠵᠤ᠂ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠡᠬᠢᠯᠡᠬᠦ ᠪᠡᠯᠡᠳᠬᠡᠯ ᠠᠵᠢᠯ ᠤᠨ ᠳᠤᠬᠠᠢ ᠬᠠᠷᠢᠭᠤ ᠮᠡᠳᠡᠭᠦᠯᠦᠯᠲᠡ ᠶᠢ ᠰᠤᠨᠤᠰᠪᠠ᠃ ᠵᠧᠦ ᠢᠤᠢ ᠯᠥᠩ ᠴᠢᠬᠤᠯᠠᠴᠢᠯᠠᠬᠤ ᠳᠠᠭᠠᠨ᠂ ᠠᠷᠠᠳ ᠲᠥᠮᠡᠨ ᠤ ᠬᠠᠨᠤᠮᠵᠢᠲᠠᠢ ᠰᠤᠷᠭᠠᠨ ᠬᠥᠮᠦᠵᠢᠯ ᠢ ᠡᠷᠬᠢᠯᠡᠵᠦ᠂ ᠰᠤᠷᠭᠠᠨ ᠬᠦᠮᠦᠵᠢᠯ ᠤᠨ ᠤᠯᠠᠨ ᠨᠠᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠬᠦᠴᠤ ᠲᠠᠯᠪᠢᠨ ᠳᠡᠭᠡᠭᠰᠢᠯᠡᠭᠦᠯᠵᠦ᠂ ᠲᠡᠩᠴᠡᠭᠦᠷᠢᠲᠠᠢ ᠪᠠᠶᠢᠷᠢᠰᠢᠭᠤᠯᠤᠯᠳᠠ᠂ ᠴᠢᠨᠠᠷᠯᠢᠭ ᠭᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠤᠭᠴᠢᠳ ᠢ ᠡᠷᠡᠭᠦᠯ ᠢᠶᠠᠷ ᠥᠰᠭᠡᠨ ᠬᠦᠮᠥᠵᠢᠭᠦᠯᠵᠦ᠂ ᠪᠦᠬᠦ ᠲᠠᠯ᠎ᠠ ᠪᠠᠷ ᠭᠦᠭᠵᠢᠭᠦᠯᠬᠦ ᠬᠡᠷᠡᠭᠲᠠᠢ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠭᠤᠤᠯ ᠡᠭᠦᠷᠭᠡ ᠶᠢ ᠤᠨᠤᠪᠴᠢᠲᠠᠢ ᠠᠳᠬᠤᠨ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠤᠶᠠᠯᠳᠠᠭᠤᠯᠤᠨ᠂ ᠨᠢᠭᠡ ᠪᠥᠯᠥᠭ ᠠᠵᠢᠯ ᠮᠡᠷᠭᠡᠵᠢᠯ ᠤᠨ  ᠴᠢᠳᠠᠪᠤᠷᠢᠲᠠᠨ ᠢ ᠬᠥᠮᠥᠵᠢᠭᠦᠯᠵᠤ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠤᠷᠤᠨ ᠪᠥᠰᠡ ᠳᠤ ᠦᠨᠳᠦᠰᠦᠯᠡᠭᠦᠯᠦᠨ᠂ ᠠᠵᠤ ᠦᠢᠯᠡᠰ ᠲᠠᠢ ᠠᠭᠤᠰᠤᠯᠴᠠᠭᠤᠯᠬᠤ ᠶᠢ ᠲᠦᠯᠬᠢᠨ ᠠᠬᠢᠭᠤᠯᠬᠤ ᠬᠡᠷᠡᠭᠲᠠᠢ ᠭᠡᠵᠡᠢ᠃      ᠵᠧᠦ ᠢᠤᠢ ᠯᠥᠩ ᠪᠠᠰᠠ ᠤᠷᠢᠳ ᠬᠤᠵᠢᠳ‌ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠨᠢᠭᠡᠳᠦᠭᠡᠷ ᠬᠡᠤᠬᠡᠳ ᠤᠨ ᠴᠡᠴᠡᠷᠯᠢᠭ᠂ ᠬᠤᠶᠠᠳᠤᠭᠠᠷ ᠳᠤᠮᠳᠠᠲᠤ ᠰᠤᠷᠭᠠᠭᠤᠯᠢ ᠳᠤ ᠬᠦᠷᠴᠤ᠂ ᠰᠤᠷᠭᠠᠭᠤᠯᠢ ᠶᠢᠨ ᠬᠢᠨᠠᠨ ᠡᠵᠡᠮᠳᠡᠬᠦ ᠲᠠᠰᠤᠭ᠂ ᠬᠢᠴᠢᠶᠡᠯ ᠤᠨ ᠬᠡᠷ᠂ ᠪᠠᠶᠢᠷᠢ᠂ ᠬᠤᠭᠤᠯᠠᠨ ᠭᠡᠷ ᠵᠡᠷᠭᠡ ᠭᠤᠤᠯᠳᠠᠯᠭ᠎ᠠ ᠲᠠᠢ ᠤᠷᠤᠨ ᠲᠠᠯᠠᠪᠤᠷ ᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ ᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠪᠡᠯᠡᠳᠬᠡᠯ ᠠᠵᠢᠯ᠂ ᠵᠢᠭᠠᠨ ᠰᠤᠷᠭᠠᠬᠤ ᠲᠤᠬᠢᠷᠠᠭᠤᠯᠤᠯᠳᠠ᠂ ᠪᠠᠭᠰᠢ ᠰᠤᠷᠤᠭᠴᠢᠳ ᠤᠨ ᠠᠵᠢᠯ ᠤᠨ ᠪᠠᠶᠢᠷᠢ ᠳᠠᠭᠠᠨ ᠪᠤᠴᠠᠵᠤ ᠰᠤᠷᠭᠠᠭᠤᠯᠢ ᠳᠤ ᠢᠷᠡᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠨᠠᠷᠢᠨ ᠰᠣᠨᠣᠰᠪᠠ᠃ ᠪᠠᠰᠠ ᠬᠢᠴᠢᠶᠡᠯ ᠪᠡᠯᠡᠳᠬᠡᠵᠤ ᠪᠠᠶᠢᠭ᠎ᠠ ᠪᠠᠭᠰᠢ ᠨᠠᠷ ᠲᠠᠢ ᠳᠤᠲᠤᠨᠤ ᠪᠠᠷ ᠶᠠᠷᠢᠯᠴᠠᠨ᠂ ᠪᠠᠭᠰᠢ ᠨᠠᠷ ᠲᠤ ᠰᠢᠷᠭᠠᠭᠤ ᠬᠥᠳᠡᠯᠮᠦᠷᠢᠯᠡᠨ᠂ ᠪᠦᠬᠦ ᠰᠡᠳᠬᠢᠯ ᠪᠦᠬᠦ ᠵᠤᠷᠢᠭ ᠎ ᠢᠶᠠᠷ ᠢᠶᠠᠨ  ᠰᠤᠷᠭᠠᠨ ᠬᠦᠮᠥᠵᠢᠯ ᠤᠨ ᠦᠢᠯᠡᠰ ᠲᠤ ᠵᠢᠳᠬᠦᠵᠦ᠂ ᠮᠠᠨ ᠤ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠳᠤᠭᠲᠠᠭᠤᠨ ᠭᠦᠭᠵᠢᠯᠲᠡ ᠶᠢ ᠠᠬᠢᠭᠤᠯᠬᠤ ᠬᠡᠷᠡᠭᠲᠠᠢ ᠭᠡᠵᠤ ᠨᠠᠶᠢᠳᠠᠪᠠ᠃ ᠵᠧᠦ ᠢᠤᠢ ᠯᠥᠩ ᠱᠠᠭᠠᠷᠳᠠᠬᠤ ᠳᠠᠭᠠᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠡᠯ᠎ᠡ ᠰᠤᠷᠭᠠᠭᠤᠯᠢ ᠠᠴᠠ ᠤᠯᠤᠰ ᠲᠦᠷᠦ ᠶᠢᠨ ᠵᠣᠭᠰᠤᠴᠠ ᠪᠠᠨ ᠪᠦᠬᠦ ᠳᠠᠯ᠎ᠠ ᠪᠠᠷ ᠳᠡᠭᠡᠭᠰᠢᠯᠡᠭᠦᠯᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠡᠯ᠎ᠡ ᠵᠤᠶᠢᠯ ᠤᠨ ᠪᠡᠯᠡᠳᠬᠡᠯ ᠠᠵᠢᠯ ᠢᠶᠠᠨ ᠴᠢᠩᠭ᠎ᠠ ᠨᠢᠮᠪᠠᠢ᠂ ᠪᠤᠳᠠᠳᠠᠢ ᠰᠠᠶᠢᠲᠤᠷ ᠬᠢᠵᠤ᠂ ᠬᠠᠪᠤᠷ ᠤᠨ ᠤᠯᠠᠷᠢᠯ ᠤᠨ ᠰᠤᠷᠣᠯᠭ᠎ᠠ ᠶᠢᠨ ᠬᠤᠭᠤᠴᠠᠭᠠᠨ ᠤ ᠡᠮᠬᠢ ᠵᠢᠷᠦᠮ ᠲᠠᠢ ᠬᠢᠴᠢᠶᠡᠯ ᠡᠬᠢᠯᠡᠬᠦ ᠶᠢ ᠪᠠᠳᠤᠯᠠᠬᠤ ᠬᠡᠷᠡᠭᠲᠠᠢ᠃ ᠰᠤᠷᠭᠠᠭᠤᠯᠢ ᠎ ᠶᠢᠨ ᠭᠦᠷᠢᠶᠡᠨ ᠤ ᠠᠮᠤᠷ ᠲᠥᠪᠰᠢᠨ ᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ ᠤ ᠠᠮᠤᠷ ᠲᠦᠪᠰᠢᠨ᠂ ᠭᠠᠯ ᠢ ᠰᠡᠷᠭᠡᠶᠢᠯᠡᠵᠤ ᠭᠠᠯ ᠤᠨᠲᠠᠷᠠᠭᠠᠬᠤ  ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠣᠷᠤᠰᠢᠵᠤ ᠪᠠᠶᠢᠭ᠎ᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠰᠤᠷᠭᠠᠭᠤᠯᠢ ᠶᠢᠨ ᠭᠦᠷᠢᠶᠡᠨ ᠤ ᠠᠮᠤᠷ ᠲᠦᠪᠰᠢᠨ ᠤ ᠠᠵᠢᠯ ᠤᠨ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠵᠤ᠂ ᠥᠷᠭᠡᠨ ᠣᠯᠡᠨ ᠪᠠᠭᠰᠢ ᠰᠤᠷᠤᠭᠴᠢᠳ ᠤᠨ ᠰᠤᠷᠤᠯᠭ᠎ᠠ ᠠᠮᠢᠳᠤᠷᠠᠯ ᠳᠤ ᠠᠮᠤᠷ ᠲᠥᠪᠰᠢᠨ᠂ ᠡᠷᠡᠭᠦᠯ ᠴᠢᠬᠢᠷᠠᠭ᠂ ᠲᠠᠭᠠᠯᠠᠮᠵᠢᠲᠠᠢ ᠣᠷᠴᠢᠨ ᠲᠣᠭᠤᠷᠢᠨ ᠢ ᠪᠥᠷᠢᠯᠳᠦᠭᠦᠯᠦᠨ ᠥᠭᠬᠦ ᠬᠡᠷᠡᠭᠲᠠᠢ ᠭᠡᠵᠡᠢ᠃      ᠳᠡᠳ᠋ ᠬᠤᠰᠢᠭᠤ ᠳᠠᠷᠤᠭ᠎ᠠ ᠶᠣᠤ ᠬᠠᠢ ᠰᠢᠶᠠ ᠵᠢᠴᠢ ᠬᠠᠮᠢᠭ᠎ᠠ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ  ᠣᠷᠤᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号