2 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠴᠠᠩ ᠱᠧᠩ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ᠂ ᠣᠷᠣᠰᠢᠭᠤᠯᠭ᠎ᠠ ᠪᠠ ᠨᠠᠰᠤᠵᠢᠯ ᠤᠨ | ᠦᠶᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ ᠃ | ᠬᠤᠰᠢᠭᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ | ᠳᠡᠭᠡᠨ᠂ ᠴᠠᠩ ᠱᠧᠩ ᠲᠤᠬᠠᠶᠢᠯᠠᠭᠰᠠᠨ ᠠᠵᠢᠯ ᠤᠨ ᠭᠦᠶᠴᠡᠳᠬᠡᠬᠦ ᠶᠠᠪᠤᠴᠠ᠂ ᠦᠶᠯᠡᠴᠢᠯᠡᠭᠡᠨ ᠤ ᠴᠤᠩᠬᠤᠪᠴᠢ ᠶᠢᠨ | ᠲᠣᠬᠢᠷᠠᠭᠤᠯᠤᠯᠲᠠ᠂ ᠠᠦ᠋ᠲ᠋ᠣ᠋ ᠦᠶᠯᠡᠴᠢᠯᠡᠭᠡᠨ ᠤ ᠲᠣᠭᠤᠷᠢᠭ ᠤᠨ ᠴᠢᠳᠠᠮᠵᠢ ᠶᠢᠨ ᠠᠵᠢᠯᠯᠠᠭᠠᠨ ᠤ ᠪᠠᠶᠢᠳᠠᠯ ᠢ | ᠣᠶᠢᠯᠠᠭᠠᠪᠠ᠃ ᠴᠠᠩ ᠱᠧᠩ ᠱᠠᠭᠠᠷᠳᠠᠬᠤ ᠳᠠᠭᠠᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠨᠢ | ᠣᠯᠠᠨ ᠲᠦᠮᠡᠨ ᠪᠠ ᠠᠵᠤ ᠠᠬᠤᠶᠢᠯᠠᠯ ᠳᠤ ᠦᠶᠯᠡᠴᠢᠯᠡᠬᠦ ᠬᠤᠰᠢᠭᠤᠴᠢ ᠪᠣᠯᠤᠭᠰᠠᠨ ᠤ ᠬᠤᠪᠢ ᠳᠤ᠂《ᠬᠠᠮᠤᠭ | ᠤᠯᠠᠨ ᠳᠤ ᠪᠠᠨ ᠨᠢᠭᠡ ᠯᠡ ᠤᠳᠠᠭ᠎ᠠ ᠣᠴᠢᠵᠤ ᠭᠦᠶᠴᠡᠳᠬᠡᠬᠦ 》ᠵᠡᠷᠭᠡ ᠦᠶᠯᠡᠴᠢᠯᠡᠭᠡᠨ ᠤ ᠱᠠᠭᠠᠷᠳᠠᠯᠭ᠎ᠠ ᠶᠢ | ᠪᠣᠳᠠᠲᠠᠶ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ《 ᠡᠭᠦᠳᠡ ᠪᠠᠨ ᠬᠠᠭᠠᠬᠤ | ᠥᠬᠡᠶ 》ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂《ᠦᠶᠯᠡᠴᠢᠯᠡᠭᠡ ᠶᠢ ᠥᠴᠦᠬᠡᠨ ᠴᠦ ᠵᠠᠶ ᠥᠬᠡᠶ᠂ | ᠤᠴᠢᠷ ᠶᠠᠪᠤᠳᠠᠯ ᠲᠠᠢ ᠪᠣᠯ ᠴᠠᠭ ᠲᠤᠬᠠᠶ ᠳᠤᠨᠢ ᠭᠦᠶᠴᠡᠳᠬᠡᠬᠦ 》 ᠶᠢ ᠪᠡᠶᠡᠯᠡᠭᠦᠯᠬᠦ ᠬᠡᠷᠡᠭᠲᠡᠶ ᠭᠡᠵᠡᠢ᠃ | ᠬᠤᠰᠢᠭᠤ ᠣᠷᠣᠰᠢᠭᠤᠯᠭ᠎ᠠ ᠶᠢᠨ ᠦᠶᠯᠡᠴᠢᠯᠡᠭᠡᠨ ᠤ ᠲᠥᠪ ᠲᠤ ᠴᠠᠩ ᠱᠧᠩ ᠦᠶᠯᠡᠴᠢᠯᠡᠭᠡᠨ ᠤ ᠲᠥᠷᠥᠯ | ᠵᠦᠶᠯ ᠤᠨ ᠦᠨ᠎ᠡ ᠬᠠᠩᠰᠢ᠂ ᠨᠡᠶᠢᠲᠡ ᠶᠢᠨ ᠣᠩᠭᠤᠨ ᠤ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠪᠠᠶᠢᠳᠠᠯ | ᠢ ᠰᠣᠨᠣᠰᠤᠭᠰᠠᠨ ᠪᠥᠭᠡᠳ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ | ᠵᠢᠴᠢ ᠠᠶᠤᠯᠭᠦᠶ ᠦᠶᠯᠡᠳᠪᠦᠷᠢᠯᠡᠯ ᠤᠨ ᠨᠠᠶᠢᠳᠠᠪᠤᠷᠢᠵᠢᠭᠤᠯᠤᠯᠲᠠ ᠵᠡᠷᠭᠡ ᠲᠠᠯ᠎ᠠ ᠪᠠᠷ ᠠᠵᠢᠯ ᠤᠨ ᠱᠠᠭᠠᠷᠳᠠᠯᠭ᠎ᠠ | ᠳᠤᠷᠠᠳᠪᠠ᠃ | ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠪᠠ ᠮᠠᠯᠴᠢᠳ ᠤᠨ ᠨᠠᠰᠤᠵᠢᠯ ᠤᠨ ᠠᠰᠠᠷᠠᠮᠵᠢ ᠶᠢᠨ | ᠲᠥᠪ ᠲᠤ᠂ ᠴᠠᠩ ᠱᠧᠩ ᠣᠶᠤᠨᠴᠢ ᠲᠣᠬᠢᠷᠠᠭᠤᠯᠤᠯᠲᠠ ᠶᠢᠨ ᠲᠥᠪ᠂ ᠬᠤᠭᠤᠯᠠᠨ ᠲᠢᠩᠬᠢᠮ᠂ ᠡᠭᠦᠳᠡᠨ ᠡᠮᠨᠡᠯᠭᠡ | ᠵᠡᠷᠭᠡ ᠭᠠᠵᠠᠷ ᠲᠤ ᠭᠦᠨᠵᠡᠭᠡᠶᠢᠷᠡᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠪᠠ | ᠦᠶᠯᠡᠴᠢᠯᠡᠭᠡ ᠬᠠᠮᠢᠶᠠᠷᠤᠯᠲᠠ ᠶᠢᠨ ᠪᠠᠶᠢᠳᠠᠯ ᠢ ᠤᠶᠢᠯᠠᠭᠠᠵᠠᠢ᠃ ᠴᠠᠩ ᠱᠧᠩ ᠴᠢᠬᠤᠯᠠᠴᠢᠯᠠᠬᠤ ᠳᠠᠭᠠᠨ᠂ | ᠨᠠᠰᠤᠲᠠᠶᠢᠴᠤᠳ ᠤᠨ ᠦᠶᠯᠡᠴᠢᠯᠡᠭᠡᠨ ᠤ ᠲᠠᠩᠰᠠ ᠡᠪᠬᠡᠮᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠦᠶᠯᠡᠴᠢᠯᠡᠭᠡᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠩᠰᠡᠯᠡᠨ ᠬᠤᠷᠢᠶᠠᠩᠭᠤᠶᠢᠯᠠᠵᠤ᠂ ᠨᠢᠭᠡ ᠬᠥᠮᠦᠨ ᠳᠤ | ᠨᠢᠭᠡ ᠺᠠᠷᠲ ᠣᠯᠭᠤᠵᠤ᠂ ᠲᠠᠩᠰᠠ ᠡᠪᠬᠡᠮᠡᠯ ᠤᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠳᠣᠲᠣᠭᠠᠳᠤ ᠶᠢᠨ ᠬᠢᠨᠠᠨ ᠡᠵᠡᠮᠳᠡᠬᠦ᠂ ᠭᠠᠯ ᠤᠨᠲᠠᠷᠠᠭᠠᠬᠤ᠂ ᠴᠠᠬᠢᠯᠭᠠᠨ ᠱᠠᠲᠤ ᠵᠡᠷᠭᠡ | ᠪᠡᠯᠡᠳᠬᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠵᠤ᠂ ᠨᠠᠰᠤᠲᠠᠶᠢᠴᠤᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠶ᠃ ᠬᠦᠷᠢᠶᠡᠯᠡᠩ ᠤᠨ ᠳᠣᠲᠣᠷᠠᠬᠢ ᠡᠯ᠎ᠡ ᠵᠦᠶᠯ ᠤᠨ ᠲᠥᠬᠦᠭᠡᠷᠦᠮᠵᠢ ᠶᠢᠨ ᠠᠰᠢᠭᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠵᠦ᠂ ᠡᠳᠦᠷ ᠲᠤᠲᠤᠮ ᠤᠨ ᠬᠠᠷᠠᠭᠠᠯᠵᠠᠯ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ | ᠦᠶᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠰᠤᠲᠠᠶᠢᠴᠤᠳ ᠤᠨ | ᠮᠡᠳᠡᠬᠦ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ | ᠶᠢᠨ ᠨᠠᠰᠤᠵᠢᠯ ᠤᠨ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠥᠬᠦ ᠬᠤᠰᠢᠭᠤᠨ ᠤ ᠨᠠᠰᠤᠵᠢᠯ | ᠤᠨ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠬᠤ | ᠬᠡᠷᠡᠭᠲᠡᠶ ᠭᠡᠪᠡ ᠃ | ᠳᠡᠳ᠋ ᠬᠤᠰᠢᠭᠤ ᠳᠠᠷᠤᠭ᠎ᠠ ᠵᠢᠶ ᠸᠧᠨ ᠯᠢ ᠬᠠᠮᠲᠤ ᠪᠠᠶᠢᠴᠠᠭᠠᠨ ᠰᠤᠳᠤᠯᠤᠯᠲᠠ ᠬᠢᠵᠡᠢ᠃ |