2 ᠰᠠᠷ᠎ᠠ ᠶᠢᠨ 15 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶᠠᠨ ᠤ ᠪᠡᠶ᠎ᠡ ᠪᠠᠶᠢᠴᠠᠭᠠᠬᠤ ᠲᠤᠬᠠᠶ ᠶᠢᠨ ᠲᠠᠯᠠᠪᠤᠷ ᠲᠤ᠂ ᠴᠡᠷᠢᠭ ᠲᠤ ᠡᠯᠰᠡᠭᠳᠡᠭᠰᠡᠨ ᠵᠠᠯᠠᠭᠤᠴᠤᠳ ᠨᠢᠭᠡᠪᠦᠷᠢ | ᠡᠬᠡ ᠤᠯᠤᠰ ᠤᠨ ᠢᠶᠠᠨ ᠰᠣᠩᠭᠤᠯᠲᠠ ᠶᠢ ᠡᠮᠬᠢ ᠵᠢᠷᠤᠮ ᠲᠠᠢ ᠪᠠᠷ ᠬᠦᠯᠢᠶᠡᠵᠦ ᠪᠠᠶᠢᠨ᠎ᠠ᠃ ᠠᠶᠢᠮᠠᠭ ᠤᠨ ᠴᠡᠷᠢᠭ | ᠡᠯᠰᠡᠬᠦ ᠠᠯᠪᠠᠨ ᠭᠡᠷ ᠤᠨ ᠳᠠᠷᠤᠭ᠎ᠠ ᠶᠠᠩ ᠴᠦᠨ ᠹᠦ᠋᠂ ᠬᠤᠰᠢᠭᠤ ᠴᠡᠷᠢᠭ ᠡᠯᠰᠡᠬᠦ ᠠᠯᠪᠠᠨ ᠭᠡᠷ ᠤᠨ ᠡᠷᠬᠢᠯᠡᠭᠴᠢ | ᠴᠧᠨ ᠽᠠᠢ ᠯᠢᠨ ᠲᠤᠬᠠᠶ ᠶᠢᠨ ᠲᠠᠯᠠᠪᠠᠢ ᠳᠤ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ | ᠱᠠᠯᠠᠪᠳᠠᠭᠤᠯᠤᠨ ᠵᠢᠯᠣᠭᠤᠳᠪᠠ ᠃ | ᠪᠡᠶ᠎ᠡ ᠶᠢᠨ ᠪᠠᠶᠢᠴᠠᠭᠠᠯᠲᠠ ᠶᠢᠨ ᠲᠣᠭᠤᠷᠢᠭ ᠲᠤ᠂ ᠴᠡᠷᠢᠭ ᠡᠯᠰᠡᠬᠦ ᠠᠯᠪᠠᠨ ᠬᠡᠷ ᠤᠨ ᠠᠵᠢᠯᠲᠠᠨ ᠪᠡᠶ᠎ᠡ ᠶᠢᠨ | ᠪᠠᠶᠢᠴᠠᠭᠠᠯᠲᠠ ᠳᠤ ᠣᠷᠣᠯᠴᠠᠬᠤ ᠪᠠᠷ ᠢᠷᠡᠭᠰᠡᠨ ᠵᠠᠯᠠᠭᠤᠴᠤᠳ ᠪᠡᠶ᠎ᠡ ᠶᠢᠨ ᠪᠠᠶᠢᠴᠠᠭᠠᠯᠲᠠ ᠶᠢᠨ ᠠᠩᠬᠠᠷᠬᠤ ᠵᠦᠶᠯ | ᠵᠢᠴᠢ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠶᠯ ᠢ ᠶᠠᠷᠢᠵᠤ᠂ ᠲᠤᠰᠬᠠᠶ ᠬᠥᠮᠦᠨ ᠤ ᠵᠢᠯᠣᠭᠤᠳᠣᠯᠭ᠎ᠠ ᠳᠣᠤᠷ᠎ᠠ᠂ | ᠴᠡᠷᠢᠭ ᠲᠤ ᠡᠯᠰᠡᠭᠳᠡᠬᠦ ᠵᠠᠯᠠᠭᠤᠴᠤᠳ ᠪᠦᠯᠦᠭ ᠬᠤᠪᠢᠶᠠᠨ᠂ ᠳᠤᠭᠤᠶᠢᠯᠠᠩ ᠬᠤᠪᠢᠶᠠᠨ ᠡᠯ᠎ᠡ ᠲᠥᠷᠥᠯ ᠵᠦᠶᠯ ᠤᠨ | ᠪᠠᠶᠢᠴᠠᠭᠠᠯᠲᠠ ᠶᠢᠨ ᠴᠡᠭ ᠲᠤ ᠬᠦᠷᠴᠦ ᠪᠡᠶ᠎ᠡ ᠶᠢᠨ ᠪᠠᠶᠢᠴᠠᠭᠠᠯᠲᠠ ᠬᠢᠨ᠎ᠠ᠃ ᠴᠡᠷᠢᠭ ᠡᠯᠰᠡᠬᠦ ᠠᠵᠢᠯ ᠨᠢ《 ᠴᠡᠷᠢᠭ | ᠲᠤ ᠡᠯᠰᠡᠭᠳᠡᠬᠦ ᠠᠷᠠᠳ ᠢᠷᠭᠡᠳ ᠤᠨ ᠪᠡᠶ᠎ᠡ ᠮᠠᠬᠠᠪᠣᠳ ᠤᠨ ᠪᠠᠶᠢᠴᠠᠭᠠᠯᠲᠠ ᠶᠢᠨ ᠪᠠᠷᠢᠮᠵᠢᠶ᠎ᠠ 》 ᠶᠢ ᠴᠢᠩᠭ᠎ᠠ | ᠵᠢᠷᠤᠮᠯᠠᠨ᠂ ᠪᠠᠶᠢᠴᠠᠭᠠᠬᠤ ᠠᠵᠢᠯ ᠳᠤ ᠣᠷᠣᠯᠴᠠᠭᠰᠠᠨ ᠪᠣᠶ ᠪᠥᠬᠦᠶ ᠬᠥᠮᠦᠰ ᠲᠤ ᠳᠣᠲᠣᠷ ᠰᠠᠯᠠᠭ᠎ᠠ᠂ ᠭᠠᠳᠠᠷ | ᠰᠠᠯᠠᠭ᠎ᠠ᠂ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠲᠦ ᠳᠣᠯᠭᠢᠶᠠᠨ᠂ ᠠᠮᠠᠨ ᠬᠥᠨᠳᠡᠶ᠂ ᠴᠢᠬᠢ ᠬᠠᠮᠠᠷ | ᠬᠤᠭᠤᠯᠠᠶ ᠶᠢᠨ ᠰᠠᠯᠠᠭ᠎ᠠ᠂ ᠴᠢᠰᠤ ᠴᠤᠭᠯᠠᠭᠤᠯᠬᠤ᠂ ᠨᠢᠳᠦᠨ ᠤ ᠰᠠᠯᠠᠭ᠎ᠠ ᠵᠡᠷᠭᠡ 10 ᠭᠠᠷᠤᠶ ᠵᠦᠶᠯ ᠤᠨ | ᠪᠠᠶᠢᠴᠠᠭᠠᠯᠲᠠ ᠶᠢ ᠲᠠᠰ ᠳᠠᠷᠠᠭᠠᠯᠠᠨ ᠪᠡᠶᠡᠯᠡᠭᠦᠯᠵᠦ᠂ ᠴᠡᠷᠢᠭ ᠠᠩᠭᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠪᠠᠲᠤᠯᠠᠨ᠂ ᠴᠡᠷᠢᠭ ᠠᠩᠭᠢ ᠳᠤ ᠪᠡᠶ᠎ᠡ ᠮᠠᠬᠠᠪᠣᠳ ᠤᠨ ᠬᠡᠪ ᠴᠢᠨᠠᠷ ᠢᠶᠠᠷ ᠴᠢᠩᠭ᠎ᠠ ᠬᠢᠷᠢ ᠲᠡᠩᠴᠡᠭᠰᠡᠨ ᠴᠡᠷᠢᠭ | ᠬᠦᠷᠭᠡᠬᠦ ᠶᠢ ᠦᠨᠡᠨ ᠬᠦ ᠪᠠᠲᠤᠯᠠᠪᠠ ᠃ | ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠳᠤᠮᠳᠠ᠂ ᠵᠡᠭᠦᠨ ᠦᠵᠦᠮᠦᠴᠢᠨ ᠬᠤᠰᠢᠭᠤᠨ ᠤ ᠴᠡᠷᠢᠭ ᠡᠯᠰᠡᠬᠦ | ᠠᠯᠪᠠᠨ ᠬᠡᠷ ᠨᠢ ᠠᠷᠢᠭᠤᠨ ᠴᠢᠬᠡᠴᠢ ᠪᠠᠷ ᠴᠡᠷᠢᠭ ᠡᠯᠰᠡᠬᠦ ᠶᠢ ᠪᠡᠶ᠎ᠡ ᠶᠢᠨ ᠪᠠᠶᠢᠴᠠᠭᠠᠯᠲᠠ ᠶᠢᠨ ᠪᠥᠬᠦ ᠶᠠᠪᠤᠴᠠ ᠳᠤ | ᠲᠤᠤᠱᠯᠠᠭᠤᠯᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠶᠢ ᠤᠷᠢᠵᠤ | ᠪᠥᠬᠦ ᠶᠠᠪᠤᠴᠠ ᠳᠤ ᠬᠢᠨᠠᠯᠲᠠ ᠲᠠᠯᠪᠢᠭᠤᠯᠵᠤ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠢᠯᠡ ᠪᠠᠷ ᠶᠠᠪᠤᠭᠳᠠᠬᠤ | ᠶᠢ ᠪᠠᠲᠤᠯᠠᠵᠤ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ | ᠦᠨᠡᠨ ᠬᠦ ᠪᠠᠲᠤᠯᠠᠪᠠ᠃ ᠣᠶᠢᠯᠠᠭᠠᠭᠰᠠᠨ ᠢᠶᠠᠷ᠂ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠠᠬᠢ ᠠᠵᠢᠯᠲᠠᠨ ᠤ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠴᠡᠷᠢᠭ | ᠡᠯᠰᠡᠬᠦ ᠠᠯᠪᠠᠨ ᠬᠡᠷ ᠪᠠᠶᠢᠭᠤᠯᠤᠭᠳᠠᠭᠰᠠᠨ ᠠᠵᠢᠯ ᠤᠨ ᠲᠤᠰᠬᠠᠶ ᠠᠩᠭᠢ ᠪᠡᠶ᠎ᠡ ᠶᠢᠨ ᠪᠠᠶᠢᠴᠠᠭᠠᠯᠲᠠ ᠶᠢᠨ | ᠬᠤᠭᠤᠴᠠᠭᠠᠨ ᠳᠤ ᠡᠯᠰᠡᠭᠳᠡᠭᠰᠡᠨ ᠵᠠᠯᠠᠭᠤᠴᠤᠳ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠣᠰ | ᠤᠳᠠᠭᠠᠨ ᠤ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠪᠣᠶ ᠪᠥᠬᠦᠶ ᠠᠵᠢᠯᠲᠠᠨ ᠴᠥᠮ ᠦᠨᠡᠮᠯᠡᠯ ᠢᠶᠠᠷ ᠠᠵᠢᠯ | ᠤᠨ ᠪᠠᠶᠢᠷᠢ ᠳᠤ ᠭᠠᠷᠴᠤ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠶᠢᠨ ᠢᠯᠡ ᠲᠣᠳᠣ ᠪᠠᠶᠢᠬᠤ ᠶᠢ | ᠦᠨᠡᠨ ᠬᠦ ᠪᠠᠲᠤᠯᠠᠪᠠ ᠃ |