ᠬᠤᠰᠢᠭᠤ ᠨᠠᠮ ᠤᠨ ᠬᠤᠷᠢᠶᠠᠨ ᠤ ᠱᠦᠵᠢ ᠵᠧᠦ ᠢᠤᠢ ᠯᠥᠩ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠢ ᠪᠠᠶᠢᠴᠠᠭᠠᠨ ᠰᠤᠳᠦᠯᠪᠠ
ᠨᠡᠶᠢᠲᠡᠯᠡᠭᠰᠡᠨ ᠴᠠᠭ᠄
2025/3/4
      2 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠸᠤ ᠢᠤᠢ ᠯᠥᠩ ᠮᠠᠨ ᠤ ᠬᠤᠰᠢᠭᠤᠨ ᠤ ᠡᠯ᠎ᠡ ᠰᠤᠷᠭᠠᠭᠤᠯᠢ᠂  ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ᠂ ᠰᠤᠷᠭᠠᠭᠤᠯᠢ ᠡᠬᠢᠯᠡᠭᠦ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ᠃        ᠬᠤᠰᠢᠭᠤ ᠶᠡᠷᠦᠩᠬᠡᠶᠢᠯᠡᠭᠰᠡᠨ ᠳᠡᠭᠡᠳᠤ ᠵᠡᠷᠭᠡ ᠶᠢᠨ ᠳᠤᠮᠳᠠᠳᠤ ᠰᠤᠷᠭᠠᠭᠤᠯᠢ ᠳᠤ᠂ ᠵᠧᠦ ᠢᠤᠢ ᠯᠥᠩ ᠰᠤᠷᠤᠭᠴᠢᠳ ᠤᠨ ᠬᠦᠭᠵᠢᠯᠳᠡ ᠶᠢ ᠵᠢᠯᠤᠭᠤᠳᠬᠤ ᠳᠥᠪ᠂ ᠠᠵᠢᠯ ᠮᠡᠷᠭᠡᠵᠢᠯ ᠰᠤᠷᠭᠠᠨ ᠬᠦᠮᠦᠵᠢᠯ ᠤᠨ ᠪᠤᠯᠪᠠᠰᠤᠷᠠᠯ  ᠤᠨ ᠰᠠᠭᠤᠷᠢᠨ ᠭᠠᠵᠠᠷ ᠵᠡᠷᠭᠡ ᠶᠢ ᠪᠠᠶᠢᠴᠠᠭᠠᠨ ᠦᠵᠡᠵᠤ᠂ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠡᠬᠢᠯᠡᠬᠦ ᠪᠡᠯᠡᠳᠬᠡᠯ ᠠᠵᠢᠯ ᠤᠨ ᠳᠤᠬᠠᠢ ᠬᠠᠷᠢᠭᠤ ᠮᠡᠳᠡᠭᠦᠯᠦᠯᠲᠡ ᠶᠢ ᠰᠤᠨᠤᠰᠪᠠ᠃ ᠵᠧᠦ ᠢᠤᠢ ᠯᠥᠩ ᠴᠢᠬᠤᠯᠠᠴᠢᠯᠠᠬᠤ ᠳᠠᠭᠠᠨ᠂ ᠠᠷᠠᠳ ᠲᠥᠮᠡᠨ ᠤ ᠬᠠᠨᠤᠮᠵᠢᠲᠠᠢ ᠰᠤᠷᠭᠠᠨ ᠬᠥᠮᠦᠵᠢᠯ ᠢ ᠡᠷᠬᠢᠯᠡᠵᠦ᠂ ᠰᠤᠷᠭᠠᠨ ᠬᠦᠮᠦᠵᠢᠯ ᠤᠨ ᠤᠯᠠᠨ ᠨᠠᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠬᠦᠴᠤ ᠲᠠᠯᠪᠢᠨ ᠳᠡᠭᠡᠭᠰᠢᠯᠡᠭᠦᠯᠵᠦ᠂ ᠲᠡᠩᠴᠡᠭᠦᠷᠢᠲᠠᠢ ᠪᠠᠶᠢᠷᠢᠰᠢᠭᠤᠯᠤᠯᠳᠠ᠂ ᠴᠢᠨᠠᠷᠯᠢᠭ ᠭᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠰᠤᠷᠤᠭᠴᠢᠳ ᠢ ᠡᠷᠡᠭᠦᠯ ᠢᠶᠠᠷ ᠥᠰᠭᠡᠨ ᠬᠦᠮᠥᠵᠢᠭᠦᠯᠵᠦ᠂ ᠪᠦᠬᠦ ᠲᠠᠯ᠎ᠠ ᠪᠠᠷ ᠭᠦᠭᠵᠢᠭᠦᠯᠬᠦ ᠬᠡᠷᠡᠭᠲᠠᠢ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠭᠤᠤᠯ ᠡᠭᠦᠷᠭᠡ ᠶᠢ ᠤᠨᠤᠪᠴᠢᠲᠠᠢ ᠠᠳᠬᠤᠨ᠂ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠲᠠᠢ ᠤᠶᠠᠯᠳᠠᠭᠤᠯᠤᠨ᠂ ᠨᠢᠭᠡ ᠪᠥᠯᠥᠭ ᠠᠵᠢᠯ ᠮᠡᠷᠭᠡᠵᠢᠯ ᠤᠨ  ᠴᠢᠳᠠᠪᠤᠷᠢᠲᠠᠨ ᠢ ᠬᠥᠮᠥᠵᠢᠭᠦᠯᠵᠤ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠤᠷᠤᠨ ᠪᠥᠰᠡ ᠳᠤ ᠦᠨᠳᠦᠰᠦᠯᠡᠭᠦᠯᠦᠨ᠂ ᠠᠵᠤ ᠦᠢᠯᠡᠰ ᠲᠠᠢ ᠠᠭᠤᠰᠤᠯᠴᠠᠭᠤᠯᠬᠤ ᠶᠢ ᠲᠦᠯᠬᠢᠨ ᠠᠬᠢᠭᠤᠯᠬᠤ ᠬᠡᠷᠡᠭᠲᠠᠢ ᠭᠡᠵᠡᠢ᠃      ᠵᠧᠦ ᠢᠤᠢ ᠯᠥᠩ ᠪᠠᠰᠠ ᠤᠷᠢᠳ ᠬᠤᠵᠢᠳ‌ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠨᠢᠭᠡᠳᠦᠭᠡᠷ ᠬᠡᠤᠬᠡᠳ ᠤᠨ ᠴᠡᠴᠡᠷᠯᠢᠭ᠂ ᠬᠤᠶᠠᠳᠤᠭᠠᠷ ᠳᠤᠮᠳᠠᠲᠤ ᠰᠤᠷᠭᠠᠭᠤᠯᠢ ᠳᠤ ᠬᠦᠷᠴᠤ᠂ ᠰᠤᠷᠭᠠᠭᠤᠯᠢ ᠶᠢᠨ ᠬᠢᠨᠠᠨ ᠡᠵᠡᠮᠳᠡᠬᠦ ᠲᠠᠰᠤᠭ᠂ ᠬᠢᠴᠢᠶᠡᠯ ᠤᠨ ᠬᠡᠷ᠂ ᠪᠠᠶᠢᠷᠢ᠂ ᠬᠤᠭᠤᠯᠠᠨ ᠭᠡᠷ ᠵᠡᠷᠭᠡ ᠭᠤᠤᠯᠳᠠᠯᠭ᠎ᠠ ᠲᠠᠢ ᠤᠷᠤᠨ ᠲᠠᠯᠠᠪᠤᠷ ᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ ᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠪᠡᠯᠡᠳᠬᠡᠯ ᠠᠵᠢᠯ᠂ ᠵᠢᠭᠠᠨ ᠰᠤᠷᠭᠠᠬᠤ ᠲᠤᠬᠢᠷᠠᠭᠤᠯᠤᠯᠳᠠ᠂ ᠪᠠᠭᠰᠢ ᠰᠤᠷᠤᠭᠴᠢᠳ ᠤᠨ ᠠᠵᠢᠯ ᠤᠨ ᠪᠠᠶᠢᠷᠢ ᠳᠠᠭᠠᠨ ᠪᠤᠴᠠᠵᠤ ᠰᠤᠷᠭᠠᠭᠤᠯᠢ ᠳᠤ ᠢᠷᠡᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠨᠠᠷᠢᠨ ᠰᠣᠨᠣᠰᠪᠠ᠃ ᠪᠠᠰᠠ ᠬᠢᠴᠢᠶᠡᠯ ᠪᠡᠯᠡᠳᠬᠡᠵᠤ ᠪᠠᠶᠢᠭ᠎ᠠ ᠪᠠᠭᠰᠢ ᠨᠠᠷ ᠲᠠᠢ ᠳᠤᠲᠤᠨᠤ ᠪᠠᠷ ᠶᠠᠷᠢᠯᠴᠠᠨ᠂ ᠪᠠᠭᠰᠢ ᠨᠠᠷ ᠲᠤ ᠰᠢᠷᠭᠠᠭᠤ ᠬᠥᠳᠡᠯᠮᠦᠷᠢᠯᠡᠨ᠂ ᠪᠦᠬᠦ ᠰᠡᠳᠬᠢᠯ ᠪᠦᠬᠦ ᠵᠤᠷᠢᠭ  ᠢᠶᠠᠷ ᠢᠶᠠᠨ  ᠰᠤᠷᠭᠠᠨ ᠬᠦᠮᠥᠵᠢᠯ ᠤᠨ ᠦᠢᠯᠡᠰ ᠲᠤ ᠵᠢᠳᠬᠦᠵᠦ᠂ ᠮᠠᠨ ᠤ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠳᠤᠭᠲᠠᠭᠤᠨ ᠭᠦᠭᠵᠢᠯᠲᠡ ᠶᠢ ᠠᠬᠢᠭᠤᠯᠬᠤ ᠬᠡᠷᠡᠭᠲᠠᠢ ᠭᠡᠵᠤ ᠨᠠᠶᠢᠳᠠᠪᠠ᠃ ᠵᠧᠦ ᠢᠤᠢ ᠯᠥᠩ ᠱᠠᠭᠠᠷᠳᠠᠬᠤ ᠳᠠᠭᠠᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠡᠯ᠎ᠡ ᠰᠤᠷᠭᠠᠭᠤᠯᠢ ᠠᠴᠠ ᠤᠯᠤᠰ ᠲᠦᠷᠦ ᠶᠢᠨ ᠵᠣᠭᠰᠤᠴᠠ ᠪᠠᠨ ᠪᠦᠬᠦ ᠳᠠᠯ᠎ᠠ ᠪᠠᠷ ᠳᠡᠭᠡᠭᠰᠢᠯᠡᠭᠦᠯᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠡᠯ᠎ᠡ ᠵᠤᠶᠢᠯ ᠤᠨ ᠪᠡᠯᠡᠳᠬᠡᠯ ᠠᠵᠢᠯ ᠢᠶᠠᠨ ᠴᠢᠩᠭ᠎ᠠ ᠨᠢᠮᠪᠠᠢ᠂ ᠪᠤᠳᠠᠳᠠᠢ ᠰᠠᠶᠢᠲᠤᠷ ᠬᠢᠵᠤ᠂ ᠬᠠᠪᠤᠷ ᠤᠨ ᠤᠯᠠᠷᠢᠯ ᠤᠨ ᠰᠤᠷᠣᠯᠭ᠎ᠠ ᠶᠢᠨ ᠬᠤᠭᠤᠴᠠᠭᠠᠨ ᠤ ᠡᠮᠬᠢ ᠵᠢᠷᠦᠮ ᠲᠠᠢ ᠬᠢᠴᠢᠶᠡᠯ ᠡᠬᠢᠯᠡᠬᠦ ᠶᠢ ᠪᠠᠳᠤᠯᠠᠬᠤ ᠬᠡᠷᠡᠭᠲᠠᠢ᠃ ᠰᠤᠷᠭᠠᠭᠤᠯᠢ  ᠶᠢᠨ ᠭᠦᠷᠢᠶᠡᠨ ᠤ ᠠᠮᠤᠷ ᠲᠥᠪᠰᠢᠨ ᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ ᠤ ᠠᠮᠤᠷ ᠲᠦᠪᠰᠢᠨ᠂ ᠭᠠᠯ ᠢ ᠰᠡᠷᠭᠡᠶᠢᠯᠡᠵᠤ ᠭᠠᠯ ᠤᠨᠲᠠᠷᠠᠭᠠᠬᠤ  ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠣᠷᠤᠰᠢᠵᠤ ᠪᠠᠶᠢᠭ᠎ᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠰᠤᠷᠭᠠᠭᠤᠯᠢ ᠶᠢᠨ ᠭᠦᠷᠢᠶᠡᠨ ᠤ ᠠᠮᠤᠷ ᠲᠦᠪᠰᠢᠨ ᠤ ᠠᠵᠢᠯ ᠤᠨ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠵᠤ᠂ ᠥᠷᠭᠡᠨ ᠣᠯᠡᠨ ᠪᠠᠭᠰᠢ ᠰᠤᠷᠤᠭᠴᠢᠳ ᠤᠨ ᠰᠤᠷᠤᠯᠭ᠎ᠠ ᠠᠮᠢᠳᠤᠷᠠᠯ ᠳᠤ ᠠᠮᠤᠷ ᠲᠥᠪᠰᠢᠨ᠂ ᠡᠷᠡᠭᠦᠯ ᠴᠢᠬᠢᠷᠠᠭ᠂ ᠲᠠᠭᠠᠯᠠᠮᠵᠢᠲᠠᠢ ᠣᠷᠴᠢᠨ ᠲᠣᠭᠤᠷᠢᠨ ᠢ ᠪᠥᠷᠢᠯᠳᠦᠭᠦᠯᠦᠨ ᠥᠭᠬᠦ ᠬᠡᠷᠡᠭᠲᠠᠢ ᠭᠡᠵᠡᠢ᠃      ᠳᠡᠳ᠋ ᠬᠤᠰᠢᠭᠤ ᠳᠠᠷᠤᠭ᠎ᠠ ᠶᠣᠤ ᠬᠠᠢ ᠰᠢᠶᠠ ᠵᠢᠴᠢ ᠬᠠᠮᠢᠭ᠎ᠠ ᠪᠦᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ  ᠣᠷᠤᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号