ᠵᠡᠭᠦᠨ ᠦᠵᠦᠮᠦᠴᠢᠨ ᠬᠤᠰᠢᠭᠤᠨ ᠤ ᠡᠯ᠎ᠡ ᠰᠤᠷᠭᠠᠭᠤᠯᠢ ᠰᠢᠨ᠎ᠡ ᠰᠤᠷᠤᠯᠭ᠎ᠠ ᠶᠢᠨ ᠠᠶᠠᠨ ᠢᠶᠠᠨ ᠤᠭᠲᠤᠨ ᠠᠪᠤᠯ᠎ᠠ
ᠨᠡᠶᠢᠲᠡᠯᠡᠭᠰᠡᠨ ᠴᠠᠭ᠄
2025/3/7
      ᠬᠠᠪᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ᠂  ᠰᠤᠶᠤᠯ ᠤᠨ ᠰᠤᠲᠤ ᠶᠢ ᠱᠠᠭᠰᠢᠭᠤᠯᠤᠭᠰᠠᠨ ᠡᠬᠡ ᠰᠤᠷᠭᠠᠭᠤᠯᠢ᠂ ᠡᠷᠳᠡᠮ  ᠢᠶᠠᠷ ᠬᠡᠶᠢᠭᠰᠡᠨ ᠠᠴᠢᠲᠤ ᠪᠠᠭᠰᠢᠨᠠᠷ ᠨᠢ ᠰᠤᠷᠤᠭᠴᠢᠳ ᠢᠶᠠᠨ ᠤᠭᠲᠤᠨ ᠠᠪᠴᠤ᠂ ᠨᠠᠮᠵᠢᠭᠤᠬᠠᠨ ᠪᠠᠶᠢᠭᠰᠠᠨ ᠰᠤᠷᠭᠠᠭᠤᠯᠢ ᠶᠢᠨ ᠬᠦᠷᠢᠶ᠎ᠡ ᠬᠦᠷ ᠨᠠᠷᠬᠢᠶᠠᠨ ᠢᠶᠠᠷ ᠪᠢᠯᠬᠠᠯ᠎ᠠ᠃ 2ᠰᠠᠷ᠎ᠠ ᠶᠢᠨ 24 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠡᠯ᠎ᠡ ᠳᠤᠮᠳᠠᠲᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠨᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠵᠤ᠂  ︽ᠰᠤᠷᠭᠠᠭᠤᠯᠢ ᠡᠬᠢᠯᠡᠭᠰᠡᠨ  ᠠᠩᠬᠠᠨ ᠤ ᠬᠢᠴᠢᠶᠡᠯ︾ ᠢᠶᠠᠨ ᠠᠮᠵᠢᠯᠲᠠ ᠲᠠᠢ ᠶᠠᠪᠤᠭᠳᠠᠭᠤᠯᠪᠠ᠃        ᠠᠴᠢᠲᠤ ᠪᠠᠭᠰᠢ  ᠶᠢᠨ ᠢᠶᠠᠨ ᠠᠯᠳᠠᠷᠠᠢ ᠬᠡᠤᠬᠡᠳ ᠤᠳ ᠨᠢ ᠠᠷᠢᠭᠤᠨ ᠴᠠᠭᠠᠨ ᠬᠠᠳᠠᠭ ᠢᠶᠠᠨ ᠳᠡᠯᠭᠡᠨ ᠵᠣᠯᠭᠠᠵᠤ᠂  ᠢᠳᠡᠭᠡᠨ ᠤ ᠳᠡᠭᠡᠵᠢ  ᠴᠠᠭᠠᠨ ᠢᠳᠡᠭᠡ ᠪᠠᠨ ᠡᠷᠭᠦᠨ ᠪᠠᠷᠢᠵᠤ᠂ ᠪᠠᠭᠰᠢᠨᠠᠷ ᠨᠢ ᠬᠦᠰᠡᠯ ᠵᠦᠩᠨᠡᠯ ᠰᠢᠩᠭᠡᠭᠰᠡᠨ ᠡᠪᠤᠷ ᠪᠡᠯᠡᠭ ᠢᠶᠠᠨ ᠭᠠᠷᠳᠠᠭᠤᠯᠵᠤ᠂ ᠮᠦᠷᠦᠭᠡᠳᠦᠯ ᠳᠠᠯᠠᠯᠤᠭᠰᠠᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠭᠦᠯᠦᠯ᠎ᠡ᠃ ᠲᠤᠰ ᠤᠳᠠᠭᠠᠨ ᠤ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢᠶᠠᠨ ᠤᠯᠤᠰ  ᠢᠶᠠᠨ ᠬᠠᠶᠢᠷᠠᠯᠠᠬᠤ ᠬᠦᠮᠦᠵᠢᠯ᠂ ᠠᠮᠤᠷ ᠲᠦᠪᠰᠢᠨ ᠤ ᠬᠢᠴᠢᠶᠡᠯ᠂  ᠰᠡᠳᠬᠢᠴᠡ ᠶᠢᠨ ᠡᠷᠡᠭᠦᠯ ᠮᠡᠨᠳᠦ᠂ ᠪᠣᠯᠪᠠᠰᠤᠨ ᠬᠡᠪ ᠰᠤᠷᠲᠠᠯ ᠢ ᠡᠷᠬᠢᠮᠯᠡᠨ᠂  ᠰᠠᠶᠢᠨ ᠰᠠᠶᠢᠬᠠᠨ  ᠵᠠᠩ ᠳᠠᠳᠬᠠᠯ ᠲᠠᠢ ᠪᠣᠯᠬᠤ ᠵᠡᠷᠭᠡ ᠡᠯᠪᠡᠭ ᠪᠠᠶᠠᠯᠢᠭ ᠠᠭᠤᠯᠭ᠎ᠠ ᠪᠠᠷ ᠶᠠᠪᠤᠭᠳᠠᠭᠤᠯᠵᠤ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ᠂ ᠭᠠᠯ ᠴᠠᠬᠢᠯᠭᠠᠨ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠭᠡᠷ ᠵᠠᠭᠤᠷ᠎ᠠ ᠶᠢᠨ ᠠᠮᠤᠷ ᠲᠦᠪᠰᠢᠨ ᠭᠡᠬᠦ ᠮᠡᠲᠤ ᠣᠯᠠᠨ ᠲᠠᠯ᠎ᠠ ᠶᠢᠨ ᠬᠦᠮᠦᠵᠢᠯ ᠢ ᠰᠤᠷᠤᠭᠴᠢᠳ ᠲᠤ ᠬᠦᠷᠲᠡᠭᠡᠵᠡᠢ᠃      ᠡᠭᠦᠨ ᠤ ᠬᠠᠮᠲᠤ᠂ ᠡᠯ᠎ᠡ ᠰᠤᠷᠭᠠᠭᠤᠯᠢ ᠲᠤᠭ ᠮᠠᠨᠳᠤᠭᠤᠯᠬᠤ ᠶᠤᠰᠤᠯᠠᠯ ᠶᠠᠪᠤᠭᠳᠠᠭᠤᠯᠵᠤ᠂ ᠰᠤᠷᠤᠭᠴᠢ ᠶᠢᠨ ᠲᠦᠯᠦᠭᠡᠯᠡᠭᠴᠢ ᠠᠴᠠ ᠲᠤᠭ ᠤᠨ ᠳᠤᠤᠷᠠᠬᠢ ᠶᠠᠷᠢᠶ᠎ᠡ ᠲᠠᠯᠪᠢᠵᠤ᠂ ᠰᠢᠨ᠎ᠡ ᠮᠦᠷᠦᠭᠡᠳᠦᠯ᠂ ᠰᠢᠨ᠎ᠡ ᠡᠬᠢᠯᠡᠯ ᠪᠣᠯᠣᠭᠰᠠᠨ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠠᠨ ᠬᠦᠰᠡᠯ ᠵᠣᠷᠢᠯᠲᠠ ᠲᠠᠢ᠂  ᠭᠠᠨᠵᠤᠭ᠎ᠠ ᠳᠦᠭᠦᠷᠡᠩ  ᠶᠠᠪᠤᠬᠤ ᠶᠢ ᠤᠷᠢᠶᠠᠯᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号